ᠴᠢᠩᠱᠠᠨ ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 24 ᠤ ᠡᠳᠦᠷ — 25 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ  ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠭᠢᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠢᠩ ᠺᠠᠢ ᠬᠤᠷᠠᠯ ᠡᠷᠭᠢᠯᠡᠭᠰᠡᠨ ᠪᠥᠭᠡᠳ ᠠᠩᠭᠢ ᠡᠬᠢᠯᠡᠬᠦ ᠶᠠᠷᠢᠶ᠎ᠠ ᠲᠠᠯᠪᠢᠪᠠ᠃      ᠲᠣᠰ ᠤᠳᠠᠭᠠᠨ ᠤ ᠨᠣᠮ ᠤᠩᠰᠢᠬᠤ ᠠᠩᠭᠢ ᠳᠠᠭᠠᠭᠤᠯᠤᠨ ᠤᠩᠰᠢᠬᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠨ ᠡᠳ᠋ᠯᠡᠬᠦ᠂ ᠰᠤᠳᠤᠯᠤᠨ ᠶᠠᠷᠢᠯᠴᠠᠵᠤ ᠰᠣᠯᠢᠯᠴᠠᠬᠤ ᠠᠷᠭ᠎ᠠ ᠮᠠᠶ᠋ᠢᠭ ᠢᠶᠠᠷ ᠶᠠᠪᠤᠭᠳᠠᠵᠠᠢ᠃ ᠰᠤᠷᠤᠯᠴᠠᠬᠤ ᠠᠭᠤᠯᠭ᠎ᠠ ᠳᠤ ︽ᠰᠢ ᠶᠢᠨ ᠫᠢᠩ ᠤᠨ ᠵᠣᠬᠢᠶᠠᠯ  ᠤᠨ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠰᠣᠩᠭᠤᠮᠠᠯ︾ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠪᠠᠭᠲᠠᠭᠠᠵᠠᠢ᠃      ᠳ᠋ᠢᠩ ᠺᠠᠢ 9 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ ᠠᠩᠭᠢ ᠡᠬᠢᠯᠡᠬᠦ ᠶᠣᠰᠣᠯᠠᠯ ᠳᠡᠭᠡᠷ᠎ᠡ ᠬᠡᠯᠡᠬᠦ ᠳᠡᠭᠡᠨ᠂ ᠪᠠᠷᠢᠮᠵᠢᠶ᠎ᠠ ᠳᠤ ᠴᠢᠭᠯᠡᠭᠦᠯᠦᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠤᠬᠠᠮᠰᠠᠷ ᠪᠣᠯᠭᠠᠨ ᠬᠤᠪᠢᠷᠠᠭᠤᠯᠵᠤ᠂ ︽ᠦᠵᠡᠯ ᠰᠠᠨᠠᠭ᠎ᠠ ᠰᠤᠷᠤᠯᠴᠠᠬᠤ︾ ᠶᠢ ᠢᠮᠠᠭᠲᠠ ᠲᠤᠤᠱᠯᠠᠭᠤᠯᠬᠤ ᠭᠤᠣᠯ ᠰᠡᠳᠦᠪ ᠭᠤᠣᠯ ᠰᠢᠵᠢᠮ ᠪᠣᠯᠭᠠᠵᠤ᠂ ᠦᠨᠡᠨᠬᠦ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠵᠤ᠂ ᠤᠤᠯ ᠶᠠᠩᠵᠤ ᠪᠠᠷ ᠨᠢ ᠰᠤᠷᠤᠯᠴᠠᠵᠤ᠂ ᠪᠠᠷᠢᠮᠵᠢᠶ᠎ᠠ ᠳᠤ ᠴᠢᠭᠯᠡᠭᠦᠯᠦᠨ ᠨᠢᠭᠡᠳᠦᠯᠲᠡᠢ ᠰᠤᠷᠤᠯᠴᠠᠵᠤ᠂ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠵᠣᠷᠢᠭᠲᠠᠢ ᠪᠠᠷ ᠡᠭᠦᠷᠭᠡᠯᠡᠨ ᠴᠢᠳᠠᠮᠠᠭᠠᠢ ᠪᠠᠷ ᠠᠵᠢᠯᠯᠠᠬᠤ ᠠᠵᠢᠯ ᠤᠨ ᠰᠤᠷᠲᠠᠯ ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠱᠠᠲᠤᠨ ᠤ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ᠂ ᠰᠠᠶᠢᠨ ᠦᠯᠢᠭᠡᠷ ᠳᠠᠭᠤᠷᠢᠶᠠᠯ ᠪᠣᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠯᠭ᠎ᠠ ᠶᠢᠨ ᠳᠤᠮᠳᠠ ᠴᠢᠭᠯᠡᠯ᠂ ᠠᠷᠭ᠎ᠠ᠂ ᠬᠠᠷᠢᠭᠤᠯᠲᠠ ᠶᠢ ᠦᠨᠡᠨᠬᠦ ᠡᠷᠢᠵᠦ᠂ ᠰᠤᠷᠤᠯᠴᠠᠯᠭ᠎ᠠ ᠪᠠᠷ ᠳᠠᠮᠵᠢᠨ ᠶᠡᠭᠡ ᠲᠠᠯ᠎ᠠ ᠶᠡᠭᠡ ᠬᠠᠨᠳᠤᠰᠢ ᠶᠢ ᠡᠵᠡᠮᠳᠡᠬᠦ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠦᠷ᠎ᠡ ᠳ᠋ᠦᠩ ᠤᠨ ᠤᠳᠤᠷᠢᠳᠤᠮᠵᠢ ᠶᠢ ᠳᠣᠪᠤᠶᠢᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠲᠣᠪᠤᠶᠢᠯᠭᠠᠨ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠣᠳᠠᠲᠤ ᠦᠷ᠎ᠡ ᠪᠦᠲᠦᠮᠵᠢ ᠶᠢ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠳᠡᠭᠡᠷ᠎ᠡ ᠢᠯᠡᠷᠡᠭᠦᠯᠵᠦ᠂ ᠡᠯ᠎ᠡ ᠵᠦᠢᠯ ᠤᠨ ᠠᠵᠢᠯ ᠢ ᠪᠦᠬᠦ ᠬᠤᠳᠠ ᠶᠢᠨ ᠲᠡᠰ ᠳᠠᠷᠠᠭᠠᠯᠠᠯ ᠤᠨ ᠵᠢᠭᠰᠠᠭᠠᠯᠲᠠ ᠳᠡᠭᠡᠷ᠎ᠡ ᠢᠯᠡᠷᠡᠭᠦᠯᠵᠦ᠂ ᠡᠯ᠎ᠡ ᠱᠠᠲᠤᠨ ᠤ ᠺᠠᠳ᠋ᠷᠴᠤᠳ ᠤᠨ ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ ᠳᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号