︽ᠭᠤᠷᠪᠠ ᠶᠢ ᠪᠠᠷᠢᠮᠳᠠᠯᠠᠬᠤ︾᠎ ᠪᠠᠷ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠯᠠᠪᠳᠠᠭᠤᠨ ᠪᠠᠳᠣᠳᠠᠢ ᠪᠥᠭᠡᠳ ᠪᠥᠳᠥᠮᠵᠢᠳᠠᠢ ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/9/27
      ᠣᠶᠢᠷ᠎ᠡ ᠶᠢᠨ ᠵᠢᠯ ᠠᠴᠠ ᠨᠠᠭᠠᠰᠢ᠂ ᠬᠠᠳᠠ ᠨᠡᠶᠢᠭᠡᠮ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠠᠵᠢᠯ ᠤᠨ ᠡᠭᠦᠷᠭᠡ ᠶᠢᠨ ᠲᠣᠭᠤᠷᠢᠨ ᠳᠤ᠂ ᠶᠡᠷᠣᠩᠭᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠰᠢᠶᠠᠭᠰᠠᠨ ︽ᠲᠠᠪᠣᠨ ᠶᠡᠭᠡ ᠡᠭᠦᠷᠭᠡ︾᠎ ᠶᠢ ᠨᠠᠶᠢᠳᠠᠪᠣᠷᠢᠵᠢᠭᠤᠯᠬᠤ ᠶᠢ ᠲᠣᠷᠭᠡᠳᠭᠡᠨ ᠠᠬᠢᠭᠤᠯᠬᠤ ᠪᠠᠷ ᠬᠠᠷᠠᠯᠳᠠ ᠪᠠᠨ ᠪᠣᠯᠭᠠᠵᠣ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠂ ᠬᠠᠷᠠᠯᠳᠠ ᠡᠭᠦᠷᠭᠡ ᠪᠠᠨ ᠲᠣᠳᠣᠷᠬᠠᠶᠢᠯᠠᠵᠣ᠂ ︽ᠭᠤᠷᠪᠠ ᠶᠢ ᠪᠠᠷᠢᠮᠳᠠᠯᠠᠬᠤ︾᠎ ᠪᠠᠷ ᠲᠠᠮᠵᠢᠭᠤᠯᠣᠨ‌ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠯᠠᠪᠳᠠᠭᠤᠨ ᠪᠠᠳᠣᠳᠠᠢ ᠪᠥᠭᠡᠳ ᠪᠥᠳᠥᠮᠵᠢᠳᠠᠢ ᠠᠬᠢᠭᠤᠯᠪᠠ᠃      ᠨᠢᠬᠡ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠬᠤ ᠶᠢ ᠪᠠᠷᠢᠮᠳᠠᠯᠠᠵᠣ᠂ ᠥᠨᠳᠥᠰᠥᠳᠡᠨ ᠤ ᠪᠥᠯᠬᠦᠮᠳᠡᠯ ᠤᠨ ᠣᠯᠣᠰ ᠲᠥᠷᠣ ᠶᠢᠨ ᠰᠠᠭᠤᠷᠢ ᠶᠢ ᠪᠠᠬᠢᠵᠢᠭᠦᠯᠪᠠ᠃      ᠬᠠᠳᠠ ᠨᠡᠶᠢᠭᠡᠮ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯᠯᠠᠭ᠎ᠠ ᠶᠢ ᠬᠥᠨᠵᠡᠭᠡᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠤᠨ ᠠᠵᠢᠯ ᠢ ᠭᠤᠣᠯᠳᠠᠯᠭ᠎ᠠ ᠲᠠᠢ ᠠᠵᠢᠯ ᠳᠤ ᠵᠢᠭᠰᠠᠭᠠᠨ᠂ ᠪᠣᠳᠠᠳᠠᠢ ᠠᠷᠭ᠎ᠠ ᠭᠡᠮᠵᠢᠶ᠎ᠡ ᠲᠣᠭᠳᠠᠭᠠᠵᠣ᠂ ᠥᠨᠳᠥᠰᠥᠳᠡᠨ ᠤ ᠲᠠᠪᠰᠢᠯᠳᠠ ᠶᠢᠨ ᠵᠢᠱᠢᠶ᠎ᠡ ᠥᠵᠡᠭᠦᠯᠬᠦ ᠴᠡᠭ ᠢ ᠡᠭᠦᠳᠥᠨ ᠪᠠᠶᠢᠭᠤᠯᠬᠤ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠠᠵᠢᠯ ᠤᠨ ᠬᠤᠪᠢᠶᠠᠷᠢᠯᠡᠯ ᠢ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠳᠠᠶᠢᠵᠢᠭᠤᠯᠪᠠ᠃      ᠬᠤᠶᠠᠷ᠂ ᠣᠯᠠᠮᠵᠢᠯᠠᠯᠳᠣ ᠰᠣᠶᠣᠯ ᠢ ᠪᠠᠳᠠᠷᠠᠭᠤᠯᠬᠤ ᠶᠢ ᠪᠠᠷᠢᠮᠳᠠᠯᠠᠵᠣ᠂ ᠥᠨᠳᠥᠰᠥᠳᠡᠨ ᠨᠦᠭᠦᠳ ᠤᠨ ᠣᠯᠠᠨ ᠲᠥᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠪᠠ᠃      ︽ᠮᠠᠨᠣᠰ ᠤᠨ ᠪᠠᠶᠡᠷ ᠲᠣᠷᠠᠰᠬᠠᠯ ᠤᠨ ᠡᠳᠣᠷ︾᠎ ᠢᠶᠠᠷ ᠣᠯᠠᠮᠵᠢᠯᠠᠯᠳᠣ ᠰᠣᠶᠣᠯ ‍ᠤᠨ‌ᠠᠵᠢᠯᠯᠠᠭ᠎ᠠ ᠶᠢ ᠢᠳᠡᠪᠬᠢᠳᠡᠢ ᠥᠷᠨᠢᠬᠦᠯᠵᠣ᠂ ᠡᠯ᠎ᠡ ᠲᠥᠷᠥᠯ ᠤᠨ ᠥᠨᠳᠥᠰᠥᠳᠡᠨ ᠤ ᠮᠡᠳᠡᠯᠭᠡ ᠶᠢᠨ ᠲᠠᠶᠢᠯᠣᠮᠵᠢ᠂ ᠥᠨᠳᠥᠰᠥᠳᠡᠨ ᠤ ᠭᠠᠷ ᠣᠷᠠᠯᠠᠯ ᠤᠨ ᠬᠢᠴᠢᠶᠡᠯ᠂ ᠥᠨᠳᠥᠰᠥᠳᠡᠨ ᠤ ᠰᠣᠶᠣᠯ ᠤᠨ ᠪᠠᠶᠠᠴᠢᠯᠡᠨ ᠣᠶᠢᠯᠠᠭᠠᠬᠤ ᠬᠢᠴᠢᠶᠡᠯ᠂ ᠥᠨᠳᠥᠰᠥᠳᠡᠨ ᠤ ᠬᠥᠭᠵᠢᠮᠳᠡᠭᠦᠷ ᠤᠨ ᠪᠣᠯᠪᠠᠰᠣᠷᠠᠯ ᠤᠨ ᠠᠩᠬᠢ ᠵᠡᠷᠭᠡ ᠶᠢ ᠡᠷᠭᠢᠯᠡᠵᠣ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠬᠠᠮᠳᠣ ᠶᠢᠨ ᠠᠰᠢᠭ ᠲᠣᠰᠠ ᠪᠠ ᠬᠠᠶᠢᠷ᠎ᠡ ᠰᠡᠳᠬᠢᠯᠭᠡ ᠶᠢᠨ ᠬᠤᠯᠪᠣᠭᠠᠰᠣ ᠶᠢ ᠣᠶᠢᠷᠠᠳᠣᠭᠤᠯᠵᠣ᠂ ᠡᠬᠢ ᠪᠠᠶᠠᠯᠢᠭ ᠢ ᠬᠠᠮᠳᠣ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠳᠣ ᠪᠠᠷ ᠰᠠᠭᠤᠷᠢᠰᠢᠵᠣ ᠬᠠᠮᠳᠣ ᠪᠠᠷ ᠪᠠᠶᠢᠭᠤᠯᠬᠤ ᠨᠡᠶᠢᠭᠡᠮ ᠲᠣᠭᠤᠷᠢᠭ ᠤᠨ ᠪᠠᠶᠢᠭᠤᠯᠣᠯᠳᠠ ᠶᠢᠨ ᠰᠢᠨ᠎ᠡ ᠪᠠᠶᠢᠷᠢᠰᠢᠯ ᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠨᠡᠶᠢᠭᠡᠮ ᠲᠣᠭᠤᠷᠢᠭ ᠤᠨ ᠶᠡᠭᠡ ᠬᠡᠷ ᠪᠥᠯᠢ ᠳᠤ ᠠᠨᠠᠷ ᠤᠨ ᠥᠷ᠎ᠡ ᠰᠢᠭ ᠨᠢᠭᠳᠠᠷᠠᠨ ᠪᠥᠯᠬᠦᠮᠳᠡᠬᠦ ᠶᠢ ᠠᠬᠢᠭᠤᠯᠪᠠ᠃      ᠭᠤᠷᠪᠠ᠂ ᠰᠢᠨ᠎ᠡ ᠶᠢ ᠡᠭᠦᠳᠬᠦ ᠭᠡᠯᠪᠡᠷᠢ ᠶᠢ ᠪᠠᠷᠢᠮᠳᠠᠯᠠᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃      ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠰᠣᠷᠣᠯᠴᠠᠯᠭ᠎ᠠ ᠣᠬᠠᠭᠤᠯᠭ᠎ᠠ ᠬᠥᠮᠥᠵᠢᠯ ᠢ ᠥᠵᠡᠯ ᠣᠬᠠᠮᠰᠠᠷ ᠤᠨ ᠭᠡᠯᠪᠡᠷᠢ ᠶᠢᠨ ᠡᠭᠦᠳᠣᠨ ᠪᠠᠶᠢᠭᠤᠯᠬᠤ ᠠᠵᠢᠯᠯᠠᠭ᠎ᠠ ᠶᠢᠨ ᠠᠵᠢᠯ ᠳᠤ ᠠᠭᠤᠰᠣᠯᠴᠠᠭᠤᠯᠵᠣ᠂ ︽ᠣᠯᠠᠭᠠᠨ ᠠᠨᠠᠷ ᠤᠨ ᠭᠡᠷ ᠣᠷᠣᠨ︾᠎ ᠳᠤ ᠲᠥᠰᠢᠭᠯᠡᠨ ᠰᠠᠭᠤᠭᠠᠯᠢ ᠠᠷᠠᠳ ᠤᠨ ᠲᠣᠮᠳᠠ ︽ᠭᠤᠷᠪᠠᠨ ᠰᠠᠯᠵᠣ ᠪᠣᠯᠣᠰᠢ ᠥᠬᠡᠢ︾ ︽ᠠᠷᠪᠠᠨ ᠬᠤᠶᠠᠷ ᠡᠷᠭᠡᠪᠰᠢ︾ ᠵᠡᠷᠭᠡ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠶᠡᠭᠡ ᠪᠠᠷ ᠥᠷᠨᠢᠬᠦᠯᠵᠣ᠂ ᠰᠥᠯᠵᠢᠶᠡᠨ ᠲᠡᠭᠡᠷ᠎ᠡ ᠨᠡᠶᠢᠭᠡᠮ ᠲᠣᠭᠤᠷᠢᠭ ᠤᠨ ᠸᠢᠴᠡᠲ ᠤᠨ ᠣᠯᠡᠨ ᠨᠡᠶᠢᠳᠡ ᠶᠢᠨ ᠲᠠᠪᠴᠠᠩ ᠵᠡᠷᠭᠡ ᠶᠢ ᠠᠰᠢᠭᠯᠠᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠢᠳᠡᠪᠬᠢ ᠭᠥᠴᠥᠨ ᠢ ᠤᠯᠠᠮᠵᠢᠯᠠᠨ ᠲᠠᠮᠵᠢᠭᠤᠯᠵᠣ᠂ ᠰᠥᠯᠵᠢᠶᠡᠨ ᠭᠠᠳᠠᠨ᠎ᠠ ᠭᠥᠨᠳᠡᠯᠡᠨ ᠪᠢᠴᠢᠭᠡᠰᠣ᠂ LED ᠲᠡᠯᠭᠡᠴᠨ ᠢ ᠨᠡᠪᠳᠡᠷᠡᠭᠦᠯᠬᠦ ᠵᠡᠷᠭᠡ ᠪᠠᠷ ᠥᠨᠳᠥᠰᠥᠳᠡᠨ ᠤ ᠲᠥᠷᠣ ᠶᠢᠨ ᠪᠣᠳᠣᠯᠭ᠎ᠠ ᠬᠠᠣᠯᠢ ᠴᠠᠭᠠᠵᠠ ᠬᠠᠣᠯᠢ ᠲᠣᠭᠳᠠᠭᠠᠯ ᠤᠨ ᠮᠡᠳᠡᠯᠭᠡ ᠶᠢᠨ ᠣᠬᠠᠭᠤᠯᠭ᠎ᠠ ᠬᠢᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠨᠡᠶᠢᠭᠡᠮ ᠲᠣᠭᠤᠷᠢᠭ ᠤᠨ ᠲᠣᠣᠷᠵᠢᠯᠳᠠ᠂ ᠰᠠᠭᠤᠭᠠᠯᠢ ᠠᠷᠠᠳ ᠤᠨ ᠰᠡᠳᠬᠢᠯ ᠵᠢᠷᠣᠭᠡᠨ ᠳᠤ ᠬᠠᠳᠠᠩᠰᠢᠭᠤᠯᠵᠣ᠂ ᠭᠥᠮᠥᠰ ᠤᠨ ᠰᠡᠳᠬᠢᠯ ᠢ ᠨᠢᠭᠳᠠᠷᠠᠭᠤᠯᠣᠨ᠂ ᠪᠥᠯᠬᠦᠮᠳᠡᠨ ᠲᠡᠮᠡᠴᠡᠬᠦ ᠭᠥᠴᠥᠷᠭᠡᠭ ᠶᠡᠭᠡ ᠣᠶᠣᠨ ᠰᠠᠨᠠᠭᠠᠨ ᠤ ᠬᠤᠯᠪᠣᠭᠠᠰᠣ ᠶᠢ ᠪᠥᠷᠢᠯᠳᠥᠭᠦᠯᠪᠠ᠃      ᠬᠤᠶᠢᠰᠢᠳᠠ ᠬᠠᠳᠠ ᠨᠡᠶᠢᠭᠡᠮ ᠲᠣᠭᠤᠷᠢᠭ ᠤᠨ ᠬᠢᠨ ᠥᠷᠭᠦᠯᠵᠢᠯᠡᠨ ᠥᠨᠳᠥᠰᠥᠳᠡᠨ ᠤ ᠪᠥᠯᠬᠦᠮᠳᠡᠯ ᠤᠨ ᠠᠵᠢᠯ ᠰᠠᠭᠤᠭᠠᠯᠢ ᠠᠷᠠᠳ ᠲᠤ ᠥᠢᠯᠡᠴᠢᠯᠡᠬᠦ ᠲᠠᠢ ᠨᠢᠭᠳᠠ ᠣᠶᠠᠯᠳᠣᠭᠤᠯᠵᠣ᠂ ᠰᠠᠭᠤᠭᠠᠯᠢ ᠠᠷᠠᠳ ᠤᠨ ᠠᠵᠢᠯᠯᠠᠭ᠎ᠠ ᠳᠤ ᠠᠭᠤᠰᠣᠯᠴᠠᠭᠤᠯᠵᠣ᠂ ᠥᠨᠳᠥᠰᠥᠳᠡᠨ ᠤ ᠪᠥᠯᠭᠦᠮᠳᠡᠯ ᠤᠨ ᠠᠵᠢᠯ ᠤᠨ ᠡᠮᠣᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠠᠬᠢᠵᠢᠬᠦᠯᠵᠣ᠂ ᠠᠵᠢᠯ ᠤᠨ ᠰᠡᠳᠬᠢᠮᠵᠢ ᠪᠠᠨ ᠣᠯᠡᠮ ᠨᠢᠬᠡ ᠠᠯᠬᠤᠮ ᠲᠣᠳᠣᠷᠬᠠᠢ ᠪᠣᠯᠭᠠᠵᠣ᠂ ᠥᠨᠳᠥᠰᠥᠳᠡᠨ ᠤ ᠪᠥᠯᠬᠦᠮᠳᠡᠯ ᠤᠨ ᠡᠯ᠎ᠡ ᠵᠥᠢᠯ ᠤᠨ ᠠᠵᠢᠯ ᠢ ᠪᠣᠳᠠᠳᠠᠢ ᠪᠥᠭᠡᠳ ᠨᠠᠷᠢᠯᠢᠭᠵᠢᠭᠤᠯᠬᠤ ᠪᠣᠯᠣᠨ᠎ᠠ᠃
1.jpg
2.jpg
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号