ᠡᠮ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠵᠤ      ᠣᠯᠠᠨ ᠲᠦᠮᠡᠨ ᠳᠤ ᠦᠢᠯᠡᠴᠢᠯᠡᠪᠡ
ᠨᠡᠶᠢᠲᠡᠯᠡᠭᠰᠡᠨ ᠴᠠᠭ᠄
2023/9/27
      ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠠᠬᠢᠭᠤᠯᠵᠦ᠂ ᠪᠦᠬᠦ ᠠᠷᠠᠳ ᠢᠶᠠᠷ ᠢᠶᠠᠨ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠶᠢᠨ ᠲᠦᠯᠦᠭᠡ᠂ ︽ᠪᠤᠭᠤᠲᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠵᠢᠴᠢ  ︿ᠠᠷᠪᠠ ᠪᠠᠷ ᠤᠷᠤᠬᠤ + N ﹀ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠤᠯ ᠵᠢᠷᠭᠠᠯᠲᠦ ᠵᠠᠮ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠨᠠᠷᠠᠨ ᠬᠤᠳᠠᠯᠳᠤᠭᠠᠨ ᠤ ᠲᠣᠭᠤᠷᠢᠭ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ︽ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠩ ᠣᠯᠠᠨ ᠬᠤᠲᠠ ᠶᠢᠨ ᠠᠷᠠᠳ ᠢ ᠡᠮ ᠡᠮᠨᠡᠯᠭᠡ ᠶᠢᠨ ᠳᠠᠭᠠᠳᠬᠠᠯ ᠢ ᠣᠶᠢᠯᠠᠭᠠᠬᠤ᠂ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ᠂ ᠡᠷᠬᠡ ᠠᠰᠢᠭ ᠢ ᠪᠠᠲᠤᠯᠠᠬᠤ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠳᠠᠭᠠᠳᠬᠠᠯ ᠳᠤ ᠤᠷᠤᠯᠴᠠᠬᠤ ᠢᠳᠡᠪᠬᠢᠵᠢᠯ ᠢ ᠳᠠᠶᠢᠴᠢᠯᠠᠪᠠ᠃      ᠠᠵᠢᠯᠯᠠᠭ᠎ᠠ ᠶᠢᠨ ᠳᠤᠮᠳᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ 2024 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ ᠨᠢᠭᠤᠷᠲᠠᠨ ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠪᠠᠰᠠ ᠪᠠᠷᠠᠭ᠎ᠠ ᠬᠤᠳᠠᠯᠳᠤᠭᠴᠢ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP᠎ ᠶᠢ ᠪᠠᠭᠤᠯᠭᠠᠵᠤ ᠤᠭᠰᠠᠷᠠᠭᠤᠯᠬᠤ ᠶᠢ ᠵᠢᠭᠠᠵᠤ ᠥᠭᠭᠦᠭᠰᠡᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠭᠡᠭᠡᠭᠦᠯᠵᠦ᠂ ᠰᠠᠭᠤᠭᠠᠯᠢ ᠠᠷᠠᠳ ᠤᠨ ᠳᠤᠷᠠᠳᠤᠭᠰᠠᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ︽ᠬᠠᠮᠢᠭ᠎ᠠ ᠠᠴᠠ ᠲᠤᠰᠢᠶᠠᠬᠤ︾ ︽ᠶᠠᠭᠠᠬᠢᠵᠤ ᠲᠤᠰᠢᠶᠠᠬᠤ︾ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠲᠠ ᠥᠭᠴᠡᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 319 ᠬᠤᠪᠢ ᠡᠮ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ 112 ᠬᠦᠮᠦᠨ ᠨᠡᠭᠡᠭᠡᠪᠡ᠃      ᠴᠢᠩᠱᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠵᠢᠴᠢ ︿ᠠᠷᠪᠠ ᠪᠠᠷ ᠤᠷᠤᠬᠤ + N﹀ ᠰᠢᠷᠢᠰ ᠠᠵᠢᠯᠯᠠᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ︽ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶᠡᠨ ᠳᠤ᠂ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ ︵ᠡᠮ ᠤᠨ ᠳᠡᠯᠭᠡᠭᠦᠷ︶᠎ ᠳᠤ᠂ ᠴᠡᠴᠡᠷᠯᠢᠭ᠂ ᠬᠤᠳᠠᠯᠳᠤᠭᠠᠨ ᠤ ᠲᠣᠭᠤᠷᠢᠭ ︵ᠦᠵᠡᠮᠵᠢ ᠶᠢᠨ ᠣᠷᠣᠨ︶᠎ ᠳᠤ᠂ ᠠᠵᠢᠯᠲᠠᠨ ᠡᠯᠰᠡᠬᠦ ᠴᠤᠭᠯᠠᠭᠠᠨ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠳᠤ᠂ ᠭᠡᠷ ᠪᠦᠯᠢ ᠳᠤ ᠤᠷᠤᠬᠤ︾ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ ᠭᠠᠳᠠᠨ᠎ᠠ ᠭᠡᠷ ᠤᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ᠂ ᠤᠬᠠᠭᠤᠯᠭ᠎ᠠ ᠶᠢᠨ ᠵᠢᠷᠤᠭ᠂ ᠡᠪᠬᠡᠮᠡᠯ ᠬᠠᠭᠤᠳᠠᠰᠤ ᠲᠠᠷᠬᠠᠭᠠᠬᠤ᠂ ᠯᠠᠪᠯᠠᠯᠲᠠ ᠶᠢᠨ ᠦᠢᠯᠡᠴᠢᠯᠡᠭᠡ ᠬᠠᠩᠭᠠᠬᠤ ᠵᠡᠷᠭᠡ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠠᠵᠢᠯ ᠤᠨ ᠪᠦᠯᠦᠭ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠡᠯ᠎ᠡ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠦᠷᠭᠡᠨ ᠥᠭᠴᠦ᠂ ︽ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠮᠡᠳᠡᠵᠦ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠥᠮᠥᠨ ᠪᠣᠯᠭᠠᠨ ᠡᠳ᠋ᠯᠡᠬᠦ︾᠎ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号