︽ᠭᠤᠷᠪᠠ ᠶᠢ ᠪᠠᠷᠢᠮᠳᠠᠯᠠᠬᠤ︾ ᠪᠠᠷ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠯᠠᠪᠳᠠᠭᠤᠨ ᠪᠠᠳᠣᠳᠠᠢ ᠪᠥᠭᠡᠳ ᠪᠥᠳᠥᠮᠵᠢᠳᠠᠢ ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/9/27
      ᠣᠶᠢᠷ᠎ᠡ ᠶᠢᠨ ᠵᠢᠯ ᠠᠴᠠ ᠨᠠᠭᠠᠰᠢ᠂ ᠬᠠᠳᠠ ᠨᠡᠶᠢᠭᠡᠮ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠠᠵᠢᠯ ᠤᠨ ᠡᠭᠦᠷᠭᠡ ᠶᠢᠨ ᠲᠣᠭᠤᠷᠢᠨ ᠳᠤ᠂ ᠶᠡᠷᠣᠩᠭᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠰᠢᠶᠠᠭᠰᠠᠨ ︽ᠲᠠᠪᠣᠨ ᠶᠡᠭᠡ ᠡᠭᠦᠷᠭᠡ︾ ᠶᠢ ᠨᠠᠶᠢᠳᠠᠪᠣᠷᠢᠵᠢᠭᠤᠯᠬᠤ ᠶᠢ ᠲᠣᠷᠭᠡᠳᠭᠡᠨ ᠠᠬᠢᠭᠤᠯᠬᠤ ᠪᠠᠷ ᠬᠠᠷᠠᠯᠳᠠ ᠪᠠᠨ ᠪᠣᠯᠭᠠᠵᠣ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠂ ᠬᠠᠷᠠᠯᠳᠠ ᠡᠭᠦᠷᠭᠡ ᠪᠠᠨ ᠲᠣᠳᠣᠷᠬᠠᠶᠢᠯᠠᠵᠣ᠂ ︽ᠭᠤᠷᠪᠠ ᠶᠢ ᠪᠠᠷᠢᠮᠳᠠᠯᠠᠬᠤ︾ ᠪᠠᠷ ᠲᠠᠮᠵᠢᠭᠤᠯᠣᠨ‌ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠯᠠᠪᠳᠠᠭᠤᠨ ᠪᠠᠳᠣᠳᠠᠢ ᠪᠥᠭᠡᠳ ᠪᠥᠳᠥᠮᠵᠢᠳᠠᠢ ᠠᠬᠢᠭᠤᠯᠪᠠ᠃      ᠨᠢᠬᠡ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠬᠤ ᠶᠢ ᠪᠠᠷᠢᠮᠳᠠᠯᠠᠵᠣ᠂ ᠥᠨᠳᠥᠰᠥᠳᠡᠨ ᠤ ᠪᠥᠯᠬᠦᠮᠳᠡᠯ ᠤᠨ ᠣᠯᠣᠰ ᠲᠥᠷᠣ ᠶᠢᠨ ᠰᠠᠭᠤᠷᠢ ᠶᠢ ᠪᠠᠬᠢᠵᠢᠭᠦᠯᠪᠠ᠃      ᠬᠠᠳᠠ ᠨᠡᠶᠢᠭᠡᠮ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯᠯᠠᠭ᠎ᠠ ᠶᠢ ᠬᠥᠨᠵᠡᠭᠡᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠤᠨ ᠠᠵᠢᠯ ᠢ ᠭᠤᠣᠯᠳᠠᠯᠭ᠎ᠠ ᠲᠠᠢ ᠠᠵᠢᠯ ᠳᠤ ᠵᠢᠭᠰᠠᠭᠠᠨ᠂ ᠪᠣᠳᠠᠳᠠᠢ ᠠᠷᠭ᠎ᠠ ᠭᠡᠮᠵᠢᠶ᠎ᠡ ᠲᠣᠭᠳᠠᠭᠠᠵᠣ᠂ ᠥᠨᠳᠥᠰᠥᠳᠡᠨ ᠤ ᠲᠠᠪᠰᠢᠯᠳᠠ ᠶᠢᠨ ᠵᠢᠱᠢᠶ᠎ᠡ ᠥᠵᠡᠭᠦᠯᠬᠦ ᠴᠡᠭ ᠢ ᠡᠭᠦᠳᠥᠨ ᠪᠠᠶᠢᠭᠤᠯᠬᠤ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠠᠵᠢᠯ ᠤᠨ ᠬᠤᠪᠢᠶᠠᠷᠢᠯᠡᠯ ᠢ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠳᠠᠶᠢᠵᠢᠭᠤᠯᠪᠠ᠃      ᠬᠤᠶᠠᠷ᠂ ᠣᠯᠠᠮᠵᠢᠯᠠᠯᠳᠣ ᠰᠣᠶᠣᠯ ᠢ ᠪᠠᠳᠠᠷᠠᠭᠤᠯᠬᠤ ᠶᠢ ᠪᠠᠷᠢᠮᠳᠠᠯᠠᠵᠣ᠂ ᠥᠨᠳᠥᠰᠥᠳᠡᠨ ᠨᠦᠭᠦᠳ ᠤᠨ ᠣᠯᠠᠨ ᠲᠥᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠪᠠ᠃      ︽ᠮᠠᠨᠣᠰ ᠤᠨ ᠪᠠᠶᠡᠷ ᠲᠣᠷᠠᠰᠬᠠᠯ ᠤᠨ ᠡᠳᠣᠷ︾ ᠢᠶᠠᠷ ᠣᠯᠠᠮᠵᠢᠯᠠᠯᠳᠣ ᠰᠣᠶᠣᠯ ‍ᠤᠨ‌ᠠᠵᠢᠯᠯᠠᠭ᠎ᠠ ᠶᠢ ᠢᠳᠡᠪᠬᠢᠳᠡᠢ ᠥᠷᠨᠢᠬᠦᠯᠵᠣ᠂ ᠡᠯ᠎ᠡ ᠲᠥᠷᠥᠯ ᠤᠨ ᠥᠨᠳᠥᠰᠥᠳᠡᠨ ᠤ ᠮᠡᠳᠡᠯᠭᠡ ᠶᠢᠨ ᠲᠠᠶᠢᠯᠣᠮᠵᠢ᠂ ᠥᠨᠳᠥᠰᠥᠳᠡᠨ ᠤ ᠭᠠᠷ ᠣᠷᠠᠯᠠᠯ ᠤᠨ ᠬᠢᠴᠢᠶᠡᠯ᠂ ᠥᠨᠳᠥᠰᠥᠳᠡᠨ ᠤ ᠰᠣᠶᠣᠯ ᠤᠨ ᠪᠠᠶᠠᠴᠢᠯᠡᠨ ᠣᠶᠢᠯᠠᠭᠠᠬᠤ ᠬᠢᠴᠢᠶᠡᠯ᠂ ᠥᠨᠳᠥᠰᠥᠳᠡᠨ ᠤ ᠬᠥᠭᠵᠢᠮᠳᠡᠭᠦᠷ ᠤᠨ ᠪᠣᠯᠪᠠᠰᠣᠷᠠᠯ ᠤᠨ ᠠᠩᠬᠢ ᠵᠡᠷᠭᠡ ᠶᠢ ᠡᠷᠭᠢᠯᠡᠵᠣ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠬᠠᠮᠳᠣ ᠶᠢᠨ ᠠᠰᠢᠭ ᠲᠣᠰᠠ ᠪᠠ ᠬᠠᠶᠢᠷ᠎ᠡ ᠰᠡᠳᠬᠢᠯᠭᠡ ᠶᠢᠨ ᠬᠤᠯᠪᠣᠭᠠᠰᠣ ᠶᠢ ᠣᠶᠢᠷᠠᠳᠣᠭᠤᠯᠵᠣ᠂ ᠡᠬᠢ ᠪᠠᠶᠠᠯᠢᠭ ᠢ ᠬᠠᠮᠳᠣ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠳᠣ ᠪᠠᠷ ᠰᠠᠭᠤᠷᠢᠰᠢᠵᠣ ᠬᠠᠮᠳᠣ ᠪᠠᠷ ᠪᠠᠶᠢᠭᠤᠯᠬᠤ ᠨᠡᠶᠢᠭᠡᠮ ᠲᠣᠭᠤᠷᠢᠭ ᠤᠨ ᠪᠠᠶᠢᠭᠤᠯᠣᠯᠳᠠ ᠶᠢᠨ ᠰᠢᠨ᠎ᠡ ᠪᠠᠶᠢᠷᠢᠰᠢᠯ ᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠨᠡᠶᠢᠭᠡᠮ ᠲᠣᠭᠤᠷᠢᠭ ᠤᠨ ᠶᠡᠭᠡ ᠬᠡᠷ ᠪᠥᠯᠢ ᠳᠤ ᠠᠨᠠᠷ ᠤᠨ ᠥᠷ᠎ᠡ ᠰᠢᠭ ᠨᠢᠭᠳᠠᠷᠠᠨ ᠪᠥᠯᠬᠦᠮᠳᠡᠬᠦ ᠶᠢ ᠠᠬᠢᠭᠤᠯᠪᠠ᠃      ᠭᠤᠷᠪᠠ᠂ ᠰᠢᠨ᠎ᠡ ᠶᠢ ᠡᠭᠦᠳᠬᠦ ᠭᠡᠯᠪᠡᠷᠢ ᠶᠢ ᠪᠠᠷᠢᠮᠳᠠᠯᠠᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃      ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠰᠣᠷᠣᠯᠴᠠᠯᠭ᠎ᠠ ᠣᠬᠠᠭᠤᠯᠭ᠎ᠠ ᠬᠥᠮᠥᠵᠢᠯ ᠢ ᠥᠵᠡᠯ ᠣᠬᠠᠮᠰᠠᠷ ᠤᠨ ᠭᠡᠯᠪᠡᠷᠢ ᠶᠢᠨ ᠡᠭᠦᠳᠣᠨ ᠪᠠᠶᠢᠭᠤᠯᠬᠤ ᠠᠵᠢᠯᠯᠠᠭ᠎ᠠ ᠶᠢᠨ ᠠᠵᠢᠯ ᠳᠤ ᠠᠭᠤᠰᠣᠯᠴᠠᠭᠤᠯᠵᠣ᠂ ︽ᠣᠯᠠᠭᠠᠨ ᠠᠨᠠᠷ ᠤᠨ ᠭᠡᠷ ᠣᠷᠣᠨ︾ ᠳᠤ ᠲᠥᠰᠢᠭᠯᠡᠨ ᠰᠠᠭᠤᠭᠠᠯᠢ ᠠᠷᠠᠳ ᠤᠨ ᠲᠣᠮᠳᠠ ︽ᠭᠤᠷᠪᠠᠨ ᠰᠠᠯᠵᠣ ᠪᠣᠯᠣᠰᠢ ᠥᠬᠡᠢ︾ ︽ᠠᠷᠪᠠᠨ ᠬᠤᠶᠠᠷ ᠡᠷᠭᠡᠪᠰᠢ︾ ᠵᠡᠷᠭᠡ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠶᠡᠭᠡ ᠪᠠᠷ ᠥᠷᠨᠢᠬᠦᠯᠵᠣ᠂ ᠰᠥᠯᠵᠢᠶᠡᠨ ᠲᠡᠭᠡᠷ᠎ᠡ ᠨᠡᠶᠢᠭᠡᠮ ᠲᠣᠭᠤᠷᠢᠭ ᠤᠨ ᠸᠢᠴᠡᠲ ᠤᠨ ᠣᠯᠡᠨ ᠨᠡᠶᠢᠳᠡ ᠶᠢᠨ ᠲᠠᠪᠴᠠᠩ ᠵᠡᠷᠭᠡ ᠶᠢ ᠠᠰᠢᠭᠯᠠᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠢᠳᠡᠪᠬᠢ ᠭᠥᠴᠥᠨ ᠢ ᠤᠯᠠᠮᠵᠢᠯᠠᠨ ᠲᠠᠮᠵᠢᠭᠤᠯᠵᠣ᠂ ᠰᠥᠯᠵᠢᠶᠡᠨ ᠭᠠᠳᠠᠨ᠎ᠠ ᠭᠥᠨᠳᠡᠯᠡᠨ ᠪᠢᠴᠢᠭᠡᠰᠣ᠂ LED ᠲᠡᠯᠭᠡᠴᠨ ᠢ ᠨᠡᠪᠳᠡᠷᠡᠭᠦᠯᠬᠦ ᠵᠡᠷᠭᠡ ᠪᠠᠷ ᠥᠨᠳᠥᠰᠥᠳᠡᠨ ᠤ ᠲᠥᠷᠣ ᠶᠢᠨ ᠪᠣᠳᠣᠯᠭ᠎ᠠ ᠬᠠᠣᠯᠢ ᠴᠠᠭᠠᠵᠠ ᠬᠠᠣᠯᠢ ᠲᠣᠭᠳᠠᠭᠠᠯ ᠤᠨ ᠮᠡᠳᠡᠯᠭᠡ ᠶᠢᠨ ᠣᠬᠠᠭᠤᠯᠭ᠎ᠠ ᠬᠢᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠨᠡᠶᠢᠭᠡᠮ ᠲᠣᠭᠤᠷᠢᠭ ᠤᠨ ᠲᠣᠣᠷᠵᠢᠯᠳᠠ᠂ ᠰᠠᠭᠤᠭᠠᠯᠢ ᠠᠷᠠᠳ ᠤᠨ ᠰᠡᠳᠬᠢᠯ ᠵᠢᠷᠣᠭᠡᠨ ᠳᠤ ᠬᠠᠳᠠᠩᠰᠢᠭᠤᠯᠵᠣ᠂ ᠭᠥᠮᠥᠰ ᠤᠨ ᠰᠡᠳᠬᠢᠯ ᠢ ᠨᠢᠭᠳᠠᠷᠠᠭᠤᠯᠣᠨ᠂ ᠪᠥᠯᠬᠦᠮᠳᠡᠨ ᠲᠡᠮᠡᠴᠡᠬᠦ ᠭᠥᠴᠥᠷᠭᠡᠭ ᠶᠡᠭᠡ ᠣᠶᠣᠨ ᠰᠠᠨᠠᠭᠠᠨ ᠤ ᠬᠤᠯᠪᠣᠭᠠᠰᠣ ᠶᠢ ᠪᠥᠷᠢᠯᠳᠥᠭᠦᠯᠪᠠ᠃      ᠬᠤᠶᠢᠰᠢᠳᠠ ᠬᠠᠳᠠ ᠨᠡᠶᠢᠭᠡᠮ ᠲᠣᠭᠤᠷᠢᠭ ᠤᠨ ᠬᠢᠨ ᠥᠷᠭᠦᠯᠵᠢᠯᠡᠨ ᠥᠨᠳᠥᠰᠥᠳᠡᠨ ᠤ ᠪᠥᠯᠬᠦᠮᠳᠡᠯ ᠤᠨ ᠠᠵᠢᠯ ᠰᠠᠭᠤᠭᠠᠯᠢ ᠠᠷᠠᠳ ᠲᠤ ᠥᠢᠯᠡᠴᠢᠯᠡᠬᠦ ᠲᠠᠢ ᠨᠢᠭᠳᠠ ᠣᠶᠠᠯᠳᠣᠭᠤᠯᠵᠣ᠂ ᠰᠠᠭᠤᠭᠠᠯᠢ ᠠᠷᠠᠳ ᠤᠨ ᠠᠵᠢᠯᠯᠠᠭ᠎ᠠ ᠳᠤ ᠠᠭᠤᠰᠣᠯᠴᠠᠭᠤᠯᠵᠣ᠂ ᠥᠨᠳᠥᠰᠥᠳᠡᠨ ᠤ ᠪᠥᠯᠭᠦᠮᠳᠡᠯ ᠤᠨ ᠠᠵᠢᠯ ᠤᠨ ᠡᠮᠣᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠠᠬᠢᠵᠢᠬᠦᠯᠵᠣ᠂ ᠠᠵᠢᠯ ᠤᠨ ᠰᠡᠳᠬᠢᠮᠵᠢ ᠪᠠᠨ ᠣᠯᠡᠮ ᠨᠢᠬᠡ ᠠᠯᠬᠤᠮ ᠲᠣᠳᠣᠷᠬᠠᠢ ᠪᠣᠯᠭᠠᠵᠣ᠂ ᠥᠨᠳᠥᠰᠥᠳᠡᠨ ᠤ ᠪᠥᠯᠬᠦᠮᠳᠡᠯ ᠤᠨ ᠡᠯ᠎ᠡ ᠵᠥᠢᠯ ᠤᠨ ᠠᠵᠢᠯ ᠢ ᠪᠣᠳᠠᠳᠠᠢ ᠪᠥᠭᠡᠳ ᠨᠠᠷᠢᠯᠢᠭᠵᠢᠭᠤᠯᠬᠤ ᠪᠣᠯᠣᠨ᠎ᠠ᠃
1.jpg
2.jpg
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号