1—8 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/9/27
      2023 ᠣᠨ ᠳᠤ᠂ ᠴᠢᠩᠱᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠠᠭᠠᠵᠢᠮ ᠢᠶᠠᠷ ᠰᠠᠶᠢᠵᠢᠷᠠᠬᠤ ᠬᠠᠨᠳᠤᠰᠢ ᠲᠠᠢ ᠪᠣᠯᠵᠤ᠂ ᠬᠡᠷᠡᠭᠯᠡᠭᠡ ᠶᠢ ᠠᠬᠢᠭᠤᠯᠬᠤ ᠠᠯᠢ ᠣᠯᠠᠨ ᠠᠵᠢᠯᠯᠠᠭ᠎ᠠ ᠶᠢ ᠴᠤ ᠡᠨᠡ ᠵᠢᠯ ᠢᠳᠡᠪᠬᠢᠲᠡᠢ ᠥᠷᠨᠢᠭᠦᠯᠪᠡ᠃ 1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 184.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ᠃      ᠨᠢᠭᠡ᠂ ᠴᠢᠬᠤᠯᠠ ᠬᠡᠷᠡᠭᠴᠡᠭᠡᠨ ᠤ ᠵᠦᠢᠯ ᠤᠨ ᠲᠠᠸᠠᠷ ᠤᠨ ᠪᠣᠷᠤᠯᠠᠭᠤᠯᠭ᠎ᠠ ᠲᠣᠭᠲᠠᠭᠤᠨ ᠢᠶᠠᠷ ᠨᠡᠮᠡᠭᠳᠡᠪᠡ      ᠪᠥᠬᠦ ᠲᠤᠭᠤᠷᠢᠭ ᠲᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠢᠭᠡᠴᠡ ᠶᠢᠨ ᠠᠷᠢᠬᠢ ᠲᠠᠮᠠᠬᠢᠨ ᠤ ᠲᠥᠷᠥᠯ᠂ ᠬᠢᠲᠠᠳ ᠡᠸᠦ᠋ᠷᠦᠫᠡ ᠡᠮ ᠤᠨ ᠲᠥᠷᠥᠯ᠂ ᠤᠮᠳᠠᠭᠠᠨ ᠤ ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ ᠪᠠᠶᠢᠵᠤ᠂ ᠨᠡᠯᠢᠶᠡᠳ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠲᠤᠯᠠᠪᠠ᠃ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠠᠷᠢᠬᠢ ᠲᠠᠮᠠᠬᠢᠨ ᠤ ᠲᠥᠷᠥᠯ᠂ ᠬᠢᠲᠠᠳ ᠡᠸᠦ᠋ᠷᠦᠫᠡ ᠡᠮ ᠤᠨ ᠲᠥᠷᠥᠯ ᠵᠡᠷᠭᠡ᠂ ᠤᠮᠳᠠᠭᠠᠨ ᠤ ᠲᠥᠷᠥᠯ ᠨᠢ 8 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.9%᠂ 5.2%᠂ 1.4% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ 0.4 ᠵᠠᠭᠤᠨ ᠤ ᠨᠢᠭᠡᠴᠢ ᠳᠠᠶᠢᠴᠢᠯᠠᠪᠠ᠃      ᠬᠤᠶᠠᠷ᠂ ᠰᠢᠨ᠎ᠡ ᠡᠨᠧᠷᠭᠢ ᠶᠢᠨ ᠰᠤᠷᠪᠤᠯᠵᠢᠲᠦ ᠮᠠᠰᠢᠨ ᠲᠡᠷᠭᠡᠨ ᠤ ᠬᠡᠷᠡᠭᠴᠡᠭᠡ ᠶᠡᠭᠡ ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠪᠠᠶᠢᠳᠠᠯ ᠲᠦᠷᠭᠡᠨ ᠪᠠᠶᠢᠨ᠎ᠠ      ᠰᠢᠨ᠎ᠡ ᠡᠨᠧᠷᠭᠢ ᠶᠢᠨ ᠰᠤᠷᠪᠤᠯᠵᠢᠲᠦ ᠮᠠᠰᠢᠨ ᠲᠡᠷᠭᠡᠨ ᠤ ᠮᠡᠷᠭᠡᠵᠢᠯ ᠤᠨ ᠲᠠᠰᠤᠷᠠᠯᠲᠠ ᠦᠭᠡᠢ ᠰᠢᠨᠡᠳᠬᠦ ᠶᠢ ᠳᠠᠭᠠᠯᠳᠤᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠨᠡᠯᠢᠶᠡᠳ ᠶᠡᠭᠡ ᠮᠠᠰᠢᠨ ᠲᠡᠷᠭᠡ ᠬᠡᠷᠡᠭᠯᠡᠬᠦ ᠥᠪᠡᠷ ᠤᠨ ᠥᠷᠲᠡᠭ ᠤᠨ ᠳᠠᠪᠠᠭᠤᠯᠢᠭ ᠨᠢ ᠰᠢᠨ᠎ᠡ ᠡᠨᠧᠷᠭᠢ ᠶᠢᠨ ᠰᠤᠷᠪᠤᠯᠵᠢᠲᠦ ᠮᠠᠰᠢᠨ ᠲᠡᠷᠭᠡᠨ ᠤ ᠬᠡᠷᠡᠭᠴᠡᠭᠡ ᠶᠡᠭᠡ ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠶᠢ ᠲᠦᠷᠭᠡᠳᠬᠡᠪᠡ᠃ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠢᠭᠡᠴᠡ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 8 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 137.5% ᠪᠠᠷ ᠨᠡᠮᠡᠭᠳᠡᠵᠦ᠂ ᠨᠡᠶᠢᠲᠡ ᠠᠳᠠᠯᠢ ᠬᠤᠭᠤᠴᠠᠭᠠᠨ ᠤ ᠬᠢ ᠠᠴᠠ 88.6% ᠪᠠᠷ ᠨᠡᠮᠡᠭᠳᠡᠨ᠂ ᠪᠥᠬᠦ ᠲᠤᠭᠤᠷᠢᠭ ᠤᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠢᠭᠡᠴᠡ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ 19.5% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.3 ᠵᠠᠭᠤᠨ ᠤ ᠨᠢᠭᠡᠴᠢ ᠳᠡᠭᠡᠭᠰᠢᠯᠡᠵᠡᠢ᠃      ᠭᠤᠷᠪᠠ᠂ ᠵᠤᠨ ᠤ ᠠᠮᠠᠷᠠᠯᠲᠠ  ᠶᠢᠨ ᠬᠤᠭᠤᠴᠠᠭᠠᠨ ᠤ ᠠᠵᠤ ᠠᠬᠤᠢ  ᠶᠢᠨ ᠪᠠᠶᠢᠳᠠᠯ ᠢᠯᠡᠷᠡᠵᠦ᠂ ᠣᠷᠣᠨ ᠰᠠᠭᠤᠴᠠ  ᠶᠢᠨ ᠵᠠᠬ᠎ᠠ ᠳᠡᠯᠭᠡᠭᠦᠷ ᠨᠡᠮᠡᠭᠳᠡᠵᠦ ᠪᠤᠢ      ᠵᠣᠨ ᠤ ᠠᠮᠠᠷᠠᠯᠲᠠ ᠶᠢᠨ ᠬᠥᠭᠵᠢᠶᠡᠨᠲᠦ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠬᠤᠳᠠᠯᠳᠤᠭᠠᠨ ᠤ ᠲᠣᠭᠤᠷᠢᠭ ᠤᠨ ᠵᠤᠴᠢᠳ ᠤᠨ ᠲᠤᠭ᠎ᠠ ᠣᠯᠠᠰᠢᠷᠠᠵᠤ᠂ ᠵᠢᠭᠤᠯᠴᠢᠯᠠᠯ ᠤᠨ ᠬᠡᠷᠡᠭᠯᠡᠭᠡ ᠬᠥᠭᠵᠢᠶᠡᠨᠲᠡᠢ ᠪᠣᠯᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ 1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠬᠤᠨᠤᠭ ᠤᠨ ᠪᠠ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 27.3% ᠪᠠᠷ ᠨᠡᠮᠡᠭᠳᠡᠵᠦ᠂ ᠡᠭᠦᠨ ᠳᠤ 8 ᠳ᠋ᠤᠭᠠᠷ ᠰᠠᠷ᠎ᠠ ᠶᠢᠨ ᠲᠣᠰ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠵᠡᠢ᠃ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠬᠤᠨᠤᠭ ᠪᠠ ᠢᠳᠡᠭᠡᠨ ᠤᠮᠳᠠᠭᠠᠨ ᠤ ᠦᠢᠯᠡᠰ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠪᠠ᠃ 1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠬᠤᠨᠤᠭ ᠤᠨ ᠪᠠ ᠢᠳᠡᠭᠡᠨ ᠤᠮᠳᠠᠭᠠᠨ ᠤ ᠦᠢᠯᠡᠰ ᠤᠨ ᠵᠣᠴᠢᠳ ᠤᠨ ᠥᠷᠥᠭᠡᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 39.1% ᠪᠠᠷ ᠨᠡᠮᠡᠭᠳᠡᠵᠦ᠂ ᠡᠭᠦᠨ ᠳᠤ 8 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 55% ᠪᠠᠷ ᠨᠡᠮᠡᠭᠳᠡᠵᠡᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号