ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠭᠦᠨᠵᠡᠭᠡᠢ ᠠᠬᠢᠭᠤᠯᠵᠦ᠂ ᠪᠦᠬᠦ ᠠᠷᠠᠳ ᠢᠶᠠᠷ ᠢᠶᠠᠨ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠶ ᠪᠤᠯᠭᠠᠬᠤ ᠶᠢᠨ ᠲᠦᠯᠦᠭᠡ᠂ ︽ᠪᠤᠭᠤᠲᠤ ᠬᠤᠲᠠ ᠶᠢᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ | ᠤᠬᠠᠭᠤᠯᠬᠤ ᠵᠢᠴᠢ ︿ᠠᠷᠪᠠ ᠪᠠᠷ ᠤᠷᠤᠬᠤ + N ﹀ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ | ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠤᠯ ᠵᠢᠷᠭᠠᠯᠲᠦ ᠵᠠᠮ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠨᠠᠷᠠᠨ | ᠬᠤᠳᠠᠯᠳᠤᠭᠠᠨ ᠤ ᠲᠣᠭᠤᠷᠢᠭ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ︽ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠩ ᠣᠯᠠᠨ | ᠬᠤᠲᠠ ᠶᠢᠨ ᠠᠷᠠᠳ ᠢ ᠡᠮ ᠡᠮᠨᠡᠯᠭᠡ ᠶᠢᠨ ᠳᠠᠭᠠᠳᠬᠠᠯ ᠢ ᠣᠶᠢᠯᠠᠭᠠᠬᠤ᠂ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ | ᠣᠷᠣᠯᠴᠠᠬᠤ᠂ ᠡᠷᠬᠡ ᠠᠰᠢᠭ ᠢ ᠪᠠᠲᠤᠯᠠᠬᠤ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠲᠤᠬᠠᠢ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠳᠠᠭᠠᠳᠬᠠᠯ ᠳᠤ | ᠤᠷᠤᠯᠴᠠᠬᠤ ᠢᠳᠡᠪᠬᠢᠵᠢᠯ ᠢ ᠳᠠᠶᠢᠴᠢᠯᠠᠪᠠ᠃ | ᠠᠵᠢᠯᠯᠠᠭ᠎ᠠ ᠶᠢᠨ ᠳᠤᠮᠳᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ 2024 ᠣᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ ᠨᠢᠭᠤᠷᠲᠠᠨ | ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠪᠠᠰᠠ ᠪᠠᠷᠠᠭ᠎ᠠ ᠬᠤᠳᠠᠯᠳᠤᠭᠴᠢ ᠳᠤ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢ ᠪᠠᠭᠤᠯᠭᠠᠵᠤ ᠤᠭᠰᠠᠷᠠᠭᠤᠯᠬᠤ ᠶᠢ | ᠵᠢᠭᠠᠵᠤ ᠥᠭᠭᠦᠭᠰᠡᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠭᠡᠭᠡᠭᠦᠯᠵᠦ᠂ | ᠰᠠᠭᠤᠭᠠᠯᠢ ᠠᠷᠠᠳ ᠤᠨ ᠳᠤᠷᠠᠳᠤᠭᠰᠠᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ︽ᠬᠠᠮᠢᠭ᠎ᠠ ᠠᠴᠠ ᠲᠤᠰᠢᠶᠠᠬᠤ︾ ︽ᠶᠠᠭᠠᠬᠢᠵᠤ ᠲᠤᠰᠢᠶᠠᠬᠤ︾ ᠠᠰᠠᠭᠤᠳᠠᠯ ᠳᠤ | ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠲᠠ ᠥᠭᠴᠡᠢ᠃ ᠲᠣᠰ | ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 319 ᠬᠤᠪᠢ ᠡᠮ ᠡᠮᠨᠡᠯᠭᠡ ᠶᠢᠨ ᠳᠠᠭᠠᠳᠬᠠᠯ ᠤᠨ | ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠶᠢ 112 ᠬᠦᠮᠦᠨ ᠨᠡᠭᠡᠭᠡᠪᠡ᠃ | ᠴᠢᠩᠱᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠵᠢᠴᠢ ︿ᠠᠷᠪᠠ ᠪᠠᠷ ᠤᠷᠤᠬᠤ + N﹀ | ᠰᠢᠷᠢᠰ ᠠᠵᠢᠯᠯᠠᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ︽ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶᠡᠨ ᠳᠤ᠂ ᠠᠵᠤ ᠠᠬᠤᠶᠢᠯᠠᠯ᠂ | ᠡᠮᠨᠡᠯᠭᠡ ᠶᠢᠨ ᠬᠤᠷᠢᠶ᠎ᠠ ︵ᠡᠮ ᠤᠨ ᠳᠡᠯᠭᠡᠭᠦᠷ︶ ᠳᠤ᠂ ᠴᠡᠴᠡᠷᠯᠢᠭ᠂ ᠬᠤᠳᠠᠯᠳᠤᠭᠠᠨ ᠤ ᠲᠣᠭᠤᠷᠢᠭ ︵ᠦᠵᠡᠮᠵᠢ ᠶᠢᠨ | ᠣᠷᠣᠨ︶ ᠳᠤ᠂ ᠠᠵᠢᠯᠲᠠᠨ ᠡᠯᠰᠡᠬᠦ ᠴᠤᠭᠯᠠᠭᠠᠨ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ᠂ ᠨᠡᠶᠢᠭᠡᠮ | ᠲᠣᠭᠤᠷᠢᠭ ︵ᠭᠠᠴᠠᠭ᠎ᠠ ᠲᠣᠰᠬᠤᠨ︶ ᠳᠤ᠂ ᠭᠡᠷ ᠪᠦᠯᠢ ᠳᠤ ᠤᠷᠤᠬᠤ︾ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ | ᠭᠠᠳᠠᠨ᠎ᠠ ᠭᠡᠷ ᠤᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ᠂ ᠤᠬᠠᠭᠤᠯᠭ᠎ᠠ ᠶᠢᠨ ᠵᠢᠷᠤᠭ᠂ ᠡᠪᠬᠡᠮᠡᠯ | ᠬᠠᠭᠤᠳᠠᠰᠤ ᠲᠠᠷᠬᠠᠭᠠᠬᠤ᠂ ᠯᠠᠪᠯᠠᠯᠲᠠ ᠶᠢᠨ ᠦᠢᠯᠡᠴᠢᠯᠡᠭᠡ ᠬᠠᠩᠭᠠᠬᠤ ᠵᠡᠷᠭᠡ ᠪᠠᠷ ᠳᠠᠮᠵᠢᠭᠤᠯᠤᠨ᠂ ᠰᠦᠯᠵᠢᠶᠡᠨ | ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠠᠵᠢᠯ ᠤᠨ ᠪᠦᠯᠦᠭ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ | ᠲᠠᠪᠴᠠᠩ ᠢᠶᠠᠷ ᠳᠠᠮᠵᠢᠭᠤᠯᠤᠨ ᠡᠯ᠎ᠡ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠦᠷᠭᠡᠨ ᠥᠭᠴᠦ᠂ ︽ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠮᠡᠳᠡᠵᠦ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠥᠮᠥᠨ | ᠪᠣᠯᠭᠠᠨ ᠡᠳ᠋ᠯᠡᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ |