ᠪᠠᠢ ᠶᠦᠨ ᠰᠢ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/28
      9 ᠰᠠᠷ᠎ᠠ ᠶᠢᠨ 26᠎ ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠳᠤᠭᠤᠶᠢᠯᠠᠩ ᠳᠠᠭᠠᠭᠤᠯᠤᠨ ᠹᠠᠩ ᠰᠢᠩ ᠬᠦᠰᠡᠯᠡᠩᠲᠦ ᠪᠠᠷᠢᠯᠭ᠎ᠠ ᠶᠢᠨ ᠭᠠᠵᠠᠷ᠂ ᠭᠤᠳᠤᠮᠵᠢ ᠶᠢᠨ ᠪᠠᠷᠢᠯᠭ᠎ᠠ ᠶᠢᠨ ᠭᠠᠵᠠᠷ ᠪᠠ ᠴᠢᠩᠱᠠᠨ ᠲᠣᠰᠣ ᠨᠡᠮᠡᠬᠦ ᠦᠷᠳᠡᠭᠡ ᠳᠤ ᠭᠦᠨᠵᠡᠭᠡᠶᠢᠷᠡᠵᠦ᠂ ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠶᠦᠨ ᠰᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠠᠵᠢᠯᠴᠢᠨ ᠬᠡᠷᠡᠭᠯᠡᠭᠰᠡᠨ ᠪᠠᠶᠢᠳᠠᠯ ᠵᠢᠴᠢ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠦᠴᠦᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠪᠠ ᠠᠶᠤᠯᠭᠦᠢ ᠦᠢᠯᠡᠳᠪᠦᠷᠢᠯᠡᠯ ᠤᠨ ᠳᠦᠷᠢᠮ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠶᠤᠯᠭᠦᠢ ᠦᠢᠯᠡᠳᠪᠦᠷᠢᠯᠡᠯ ᠵᠡᠷᠭᠡ ᠠᠰᠠᠭᠤᠳᠠᠯ ᠤᠨ ᠲᠤᠬᠠᠢ ᠬᠠᠷᠢᠭᠤᠴᠠᠯᠭᠠᠲᠠᠨ ᠲᠠᠢ ᠨᠢᠭᠤᠷᠲᠠᠨ ᠶᠠᠷᠢᠯᠴᠠᠪᠠ᠃      ᠪᠠᠢ ᠶᠦᠨ ᠰᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶᠢᠯᠠᠨ ︽ᠬᠤᠤᠰ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠠᠮᠤᠷ ᠲᠦᠪᠰᠢᠨ ᠤ ᠬᠥᠪᠴᠢ︾᠎ ᠶᠢ ᠴᠢᠩᠭᠠᠯᠠᠵᠤ᠂ ︽ᠠᠮᠤᠷ ᠲᠦᠪᠰᠢᠨ ᠤ ᠪᠣᠭᠤᠮᠲᠠ︾᠎ ᠶᠢ ᠪᠠᠲᠤ ᠰᠠᠬᠢᠬᠤ ᠬᠡᠷᠡᠭᠲᠡᠢ᠃ ᠠᠵᠤ ᠠᠬᠤᠶᠢᠯᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠨᠢ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠢᠳᠡᠪᠬᠢᠲᠡᠢ ᠥᠷᠨᠢᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠪᠦᠲᠦᠮᠵᠢᠲᠡᠶ ᠠᠷᠢᠯᠭᠠᠬᠤ ᠶᠢ ᠪᠡᠶᠡᠯᠡᠭᠦᠯᠦᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠡᠮᠬᠢ ᠵᠢᠷᠤᠮ ᠲᠠᠢ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠰᠢᠯᠢᠳᠡᠭᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠠᠮᠤᠷ ᠲᠦᠪᠰᠢᠨ ᠪᠠ ᠦᠢᠯᠡᠳᠪᠦᠷᠢᠯᠡᠯ ᠢ ᠰᠠᠭᠠᠲᠠᠭᠠᠬᠤ ᠦᠭᠡᠢ ᠪᠠᠶᠢᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠤᠷᠢᠳᠴᠢᠯᠠᠨ ᠰᠡᠷᠭᠡᠶᠢᠯᠡᠬᠦ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号