ᠴᠢᠩᠱᠠᠨ ᠲᠣᠭᠤᠷᠢᠭ ︽ᠣᠯᠠᠭᠠᠨ ᠠᠨᠠᠷ ᠬᠤᠨᠳᠠᠭᠠᠳᠣ︾ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠮᠡᠳᠡᠯᠭᠡ ᠶᠢᠨ ᠣᠷᠣᠯᠳᠣᠭᠠᠨ ᠤ ᠰᠢᠷᠢᠰ ᠠᠵᠢᠯᠯᠠᠭ᠎ᠠ ᠶᠢ ᠶᠠᠪᠣᠭᠳᠠᠭᠤᠯᠪᠠ
ᠨᠡᠶᠢᠲᠡᠯᠡᠭᠰᠡᠨ ᠴᠠᠭ᠄
2023/9/6
      ᠣᠶᠢᠷ᠎ᠡ ᠳᠤ᠂ ᠲᠣᠭᠤᠷᠢᠭ ᠤᠨ ᠨᠠᠮ ᠤᠨ ᠬᠤᠷᠢᠶᠠᠨ ᠤ ᠣᠬᠠᠭᠤᠯᠬᠤ ᠭᠡᠯᠳᠡᠰ᠂ ᠲᠣᠭᠤᠷᠢᠭ ᠤᠨ ᠨᠠᠮ ᠤᠨ ᠬᠤᠷᠢᠶᠠᠨ ᠤ ᠨᠢᠬᠡᠳᠣᠮᠡᠯ ᠹᠷᠣᠨᠲ ᠤᠨ ᠭᠡᠯᠳᠡᠰ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠠᠴᠠ ᠬᠠᠮᠳᠣᠷᠠᠨ ᠡᠷᠬᠢᠯᠡᠭᠰᠡᠨ ︽ᠲᠤᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠭᠬᠠᠵᠣ᠂ ᠵᠢᠱᠢᠶᠡᠴᠢ ᠥᠪᠡᠷᠳᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ︾ ᠪᠠᠷ ᠭᠤᠣᠯ ᠰᠡᠳᠣᠪ ᠪᠣᠯᠭᠠᠭᠰᠠᠨ ︽ᠣᠯᠠᠭᠠᠨ ᠠᠨᠠᠷ ᠬᠤᠨᠳᠠᠭᠠᠳᠣ︾ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠮᠡᠳᠡᠯᠭᠡ ᠶᠢᠨ ᠣᠷᠣᠯᠳᠣᠭᠠᠨ ᠢ ᠪᠣᠭᠤᠳᠣ ᠶᠢᠨ ᠲᠣᠮᠣ ᠵᠥᠴᠥᠭᠡ ᠶᠢᠨ ᠭᠥᠷᠢᠶᠡᠯᠡᠩ ᠳᠤ ᠶᠠᠪᠣᠭᠳᠠᠭᠤᠯᠵᠣ᠂ ᠣᠷᠣᠯᠳᠣᠭᠠᠨ ᠳᠤ ᠪᠠᠶᠢᠭᠤᠯᠭ᠎ᠠ᠂ ᠠᠵᠣ ᠠᠬᠤᠶᠢᠯᠠᠯ᠂ ᠴᠡᠷᠢᠭ ᠠᠩᠬᠢ᠂ ᠰᠣᠷᠭᠠᠭᠤᠯᠢ᠂ ᠵᠡᠭᠡᠯᠢ ᠪᠠᠯᠭᠠᠰᠣ᠂ ᠨᠡᠶᠢᠭᠡᠮ ᠲᠣᠭᠤᠷᠢᠭ᠂ ᠲᠣᠣᠷ ᠰᠥᠯᠵᠢᠶ᠎ᠡ᠂ ᠱᠠᠰᠢᠨ ᠰᠣᠷᠳᠠᠬᠤᠨ ᠤ ᠠᠵᠢᠯᠯᠠᠭᠠᠨ ᠤ ᠲᠠᠯᠠᠪᠣᠷ ᠵᠡᠷᠭᠡ 8 ᠲᠥᠯᠥᠭᠡᠯᠡᠭᠴᠢ ᠶᠢᠨ ᠠᠩᠬᠢ ᠣᠷᠣᠯᠴᠠᠪᠠ᠃      ᠣᠷᠣᠯᠳᠣᠭᠠᠨ ᠤ ᠰᠡᠳᠣᠪ ᠢ ︽ᠲᠥᠪ ᠤᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠣᠷᠣᠨ ᠵᠢᠯᠣᠭᠤᠳᠬᠤ ᠪᠢᠴᠢᠭ︾ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ------ ᠪᠥᠬᠦ ᠣᠯᠣᠰ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠬᠥᠬᠢᠭᠦᠯᠥᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭᠠᠨ ᠤ ᠬᠠᠪᠰᠣᠷᠣᠨ ᠵᠢᠯᠣᠭᠤᠳᠬᠤ ᠪᠢᠴᠢᠭ︾᠂ ᠶᠡᠷᠥᠩᠭᠡᠢ ᠱᠥᠵᠢ ᠰᠢ  ᠶᠢᠨ ᠫᠢᠩ ᠤᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ᠂ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠬᠠᠮᠢᠶ᠎ᠠ ᠪᠥᠬᠦᠢ ᠮᠡᠳᠡᠯᠭᠡ ᠪᠠᠷ ᠭᠤᠣᠯ ᠠᠭᠤᠯᠭ᠎ᠠ ᠪᠣᠯᠭᠠᠵᠣ᠂ ᠬᠤᠪᠢ ᠬᠥᠮᠥᠨ ᠤ ᠵᠠᠪᠠᠯ ᠬᠠᠷᠢᠭᠤᠯᠬᠤ᠂ ᠲᠣᠭᠤᠶᠢᠯᠠᠩ ᠤᠨ ᠵᠠᠪᠡᠯ ᠬᠠᠷᠢᠭᠤᠯᠬᠤ᠂ ᠵᠠᠪᠳᠤᠨ ᠬᠠᠷᠢᠭᠤᠯᠬᠤ᠂ ᠲᠦᠭᠰᠢᠭᠦᠷᠢᠲᠦ ᠰᠡᠳᠣᠪ ᠵᠡᠷᠭᠡ ᠭᠡᠯᠪᠡᠷᠢ ᠪᠠᠷ ᠪᠥᠬᠦ ᠲᠣᠭᠤᠷᠢᠭ ᠤᠨ ︽ᠨᠠᠢᠮᠠ ᠳᠤ ᠣᠷᠣᠭᠤᠯᠬᠤ︾ ᠡᠯ᠎ᠡ ᠭᠥᠷᠢᠶᠡᠨ ᠤ ᠨᠠᠮ ᠤᠨ ᠭᠡᠰᠢᠭᠦᠨ ᠺᠠᠳ᠋ᠷ ᠣᠯᠡᠨ ᠲᠥᠮᠡᠨ ᠤ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢ ᠰᠣᠷᠣᠯᠴᠠᠭᠰᠠᠨ ᠥᠷ᠎ᠡ ᠪᠥᠳᠥᠭᠡᠯ ᠢ ᠲᠡᠯᠭᠡᠨ ᠥᠵᠡᠭᠦᠯᠪᠠ᠃      ᠲᠣᠰ ᠣᠳᠠᠭᠠᠨ ᠤ ︽ᠣᠯᠠᠭᠠᠨ ᠠᠨᠠᠷ ᠬᠤᠨᠳᠠᠭᠠᠳᠣ︾ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠮᠡᠳᠡᠯᠭᠡ ᠶᠢᠨ ᠣᠷᠣᠯᠳᠣᠭᠠᠨ ᠢᠶᠠᠷ ︽ᠣᠨᠣᠯ ᠢ ᠰᠣᠷᠣᠯᠴᠠᠬᠤ᠂ ᠲᠥᠷᠣ ᠶᠢᠨ ᠪᠣᠳᠣᠯᠭ᠎ᠠ ᠰᠣᠷᠣᠯᠴᠠᠬᠤ᠂ ᠪᠥᠯᠬᠦᠮᠳᠡᠯ ᠢ ᠠᠬᠢᠭᠤᠯᠬᠤ︾ ᠰᠢᠨ᠎ᠡ ᠥᠷᠨᠢᠯᠳᠡ ᠶᠢ ᠪᠣᠢ ᠪᠣᠯᠭᠠᠵᠣ᠂ ᠡᠯ᠎ᠡ ᠱᠠᠳᠣᠨ ᠤ ᠨᠠᠮ ᠤᠨ ᠭᠡᠰᠢᠭᠦᠨ ᠺᠠᠳ᠋ᠷᠴᠤᠳ ᠤᠨ ᠥᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠬᠦᠯᠥᠨ᠂ ᠥᠨᠳᠥᠰᠥᠳᠡᠨ ᠤ ᠠᠵᠢᠯ ᠢ ᠰᠠᠶᠢᠳᠣᠷ ᠬᠢᠬᠦ ᠶᠢᠨ ᠴᠠᠭᠠᠷᠠᠭᠰᠠᠨ ᠴᠢᠳᠠᠪᠤᠷᠢᠲᠠᠨ ᠪᠣᠯᠬᠤ ᠶᠢ ᠪᠠᠳᠣᠯᠠᠵᠣ᠂ ᠣᠬᠠᠮᠰᠠᠷ ᠠᠴᠠ ᠪᠠᠨ ᠭᠤᠣᠯ ᠰᠢᠵᠢᠮ ᠳᠤ ᠠᠩᠬᠠᠷᠣᠯ ᠢᠶᠠᠨ ᠲᠥᠪᠯᠡᠷᠡᠬᠦᠯᠵᠣ᠂ ︽ᠠᠭᠤᠰᠣᠯᠴᠡᠯ ᠢᠶᠠᠷ ᠬᠠᠮᠳᠣ ᠶᠢ ᠠᠬᠢᠭᠤᠯᠬᠤ︾ ᠶᠢ ᠪᠠᠷᠢᠮᠳᠠᠯᠠᠵᠣ᠂ ᠥᠨᠡᠨ ᠪᠣᠳᠠᠳᠠᠢ ᠬᠠᠶᠢᠷ᠎ᠠ ᠰᠡᠳᠬᠢᠯᠭᠡ ᠲᠠᠢ ᠥᠷ᠎ᠡ ᠪᠥᠳᠥᠮᠵᠢᠳᠠᠢ ᠪᠠᠷ ᠡᠭᠦᠳᠥᠨ ᠪᠠᠶᠢᠭᠤᠯᠣᠯᠳᠠ ᠶᠢ ᠠᠳᠬᠤᠵᠣ᠂ ᠪᠣᠭᠤᠳᠣ ᠬᠤᠳᠠ ᠪᠠ ᠴᠢᠩᠱᠠᠨ ᠲᠣᠭᠤᠷᠢᠭ ᠲᠤ ︽ᠪᠥᠬᠦ ᠣᠯᠣᠰ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠬᠦ ᠬᠤᠳᠠ᠂ ᠵᠢᠱᠢᠶ᠎ᠡ ᠥᠵᠡᠬᠦᠯᠬᠦ ᠲᠣᠭᠤᠷᠢᠭ︾ ᠢ ᠪᠥᠬᠦ ᠬᠥᠴᠥᠨ ᠢᠶᠠᠷ ᠢᠶᠠᠨ ᠡᠭᠦᠳᠥᠨ ᠪᠠᠶᠢᠭᠤᠯᠬᠤ ᠡᠴᠣᠰ ᠤᠨ ᠰᠢᠪᠳᠣᠯᠣᠯᠳᠠ ᠶᠢᠨ ᠱᠠᠳᠣᠨ ᠳᠤ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ᠂ ᠡᠯ᠎ᠡ ᠴᠠᠷᠠᠭ᠎ᠠ ᠳᠤ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠣᠭᠤᠷᠢᠭ ᠤᠨ ᠭᠤᠣᠯ ᠠᠵᠢᠯ ᠳᠤ ᠠᠭᠤᠰᠣᠯᠴᠠᠭᠤᠯᠵᠣ᠂ ᠪᠥᠬᠦ ᠲᠣᠭᠤᠷᠢᠭ ᠤᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠤᠨ ᠬᠥᠮᠥᠵᠢᠯ ᠥᠢᠯᠡᠳᠣᠯᠭᠡ ᠶᠢᠨ 9 ᠰᠠᠭᠤᠷᠢᠨ ᠭᠠᠵᠠᠷ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠬᠦ ᠴᠡᠭ ᠵᠡᠷᠭᠡ ᠡᠯ᠎ᠡ ᠲᠥᠷᠥᠯ ᠤᠨ ᠣᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠬᠥᠢᠴᠡᠳ ᠠᠰᠢᠭᠯᠠᠨ᠂ ᠣᠬᠠᠭᠤᠯᠭ᠎ᠠ ᠬᠥᠮᠥᠵᠢᠯ ᠤᠨ ᠠᠵᠢᠯ ᠢ ᠰᠠᠶᠢᠳᠣᠷ ᠥᠷᠨᠢᠬᠦᠯᠬᠦ ᠶᠢ ᠠᠬᠢᠭᠤᠯᠣᠭᠰᠠᠨ ᠪᠠᠶᠢᠨ᠎ᠠ᠃      ᠣᠷᠣᠯᠴᠠᠭᠰᠠᠳ ᠤᠨ ᠬᠠᠯᠠᠭᠤᠨ ᠰᠡᠳᠭᠢᠯᠭᠡ ᠪᠠ ᠪᠥᠷᠢᠨ ᠪᠥᠳᠥᠨ ᠵᠥᠪ ᠣᠨᠣᠪᠴᠢᠳᠠᠢ ᠬᠠᠷᠢᠭᠤᠯᠳᠠ ᠨᠢ ᠥᠵᠡᠭᠴᠢᠳ ᠤᠨ ᠠᠩᠬᠠᠷᠣᠯ ᠢ ᠲᠠᠳᠠᠵᠣ᠂ ᠬᠠᠯᠠᠭᠤᠨ ᠭᠥᠷᠢᠶᠡᠯᠡᠯ ᠢ ᠣᠯᠣᠭᠰᠠᠨ ᠪᠠᠶᠢᠨ᠎ᠠ᠃ ᠬᠤᠷᠴᠨ ᠰᠢᠷᠥᠭᠦᠨ ᠣᠷᠣᠯᠳᠠᠭᠠᠨ ᠢᠶᠠᠷ ᠲᠠᠮᠵᠢᠨ ᠪᠠᠶᠢᠭᠤᠯᠭ᠎ᠠ ᠶᠢᠨ ᠲᠥᠯᠥᠭᠡᠯᠡᠩᠴᠢ ᠶᠢᠨ ᠠᠩᠬᠢ ᠨᠢᠬᠡᠳᠣᠭᠡᠷ ᠲᠠᠰ ᠤᠨ ᠱᠠᠩᠨᠠᠯ᠂ ᠠᠵᠣ ᠠᠬᠤᠶᠢᠯᠠᠯ ᠪᠠ ᠴᠡᠷᠢᠭ ᠠᠩᠬᠢ ᠶᠢᠨ ᠲᠥᠯᠥᠭᠡᠯᠡᠭᠴᠢ ᠶᠢᠨ ᠠᠩᠬᠢ ᠬᠤᠶᠠᠳᠣᠭᠠᠷ ᠲᠠᠰ ᠤᠨ ᠱᠠᠩᠨᠠᠯ᠂ ᠰᠣᠷᠭᠠᠭᠤᠯᠢ᠂ ᠵᠡᠭᠡᠯᠢ ᠪᠠᠯᠭᠠᠰᠣ᠂ ᠨᠡᠶᠢᠭᠡᠮ ᠲᠣᠭᠤᠷᠢᠭ᠂ ᠲᠣᠣᠷ ᠰᠥᠯᠵᠢᠶ᠎ᠡ᠂ ᠱᠠᠰᠢᠨ ᠰᠣᠷᠳᠠᠬᠤᠨ ᠤ ᠠᠵᠢᠯᠯᠠᠭᠠᠨ ᠤ ᠲᠠᠯᠠᠪᠣᠷ ᠤᠨ ᠲᠥᠯᠥᠭᠡᠯᠡᠭᠴᠢ ᠶᠢᠨ ᠠᠩᠬᠢ ᠨᠢ ᠭᠤᠷᠪᠠᠳᠣᠭᠠᠷ ᠲᠠᠰ ᠤᠨ ᠱᠠᠩᠨᠠᠯ ᠢ ᠲᠣᠰ ᠲᠣᠰ ᠭᠥᠷᠳᠡᠵᠣ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠯᠳᠡᠰ᠂ ᠰᠢᠩ ᠱᠧᠩ ᠪᠠᠯᠭᠠᠰᠣ᠂ ᠪᠣᠭᠤᠳᠣ ᠬᠤᠳᠠ ᠶᠢᠨ ᠭᠠᠯ ᠰᠡᠷᠭᠡᠶᠢᠯᠡᠬᠦ ᠠᠪᠣᠷᠠᠨ ᠲᠣᠰᠠᠯᠠᠬᠤ ᠶᠡᠭᠡ ᠠᠩᠬᠢ ᠰᠢᠯᠢᠳᠡᠭ ᠵᠣᠬᠢᠶᠠᠨ ᠪᠠᠶᠢᠭᠤᠯᠣᠭᠰᠠᠨ ᠱᠠᠩᠨᠠᠯ ᠢ ᠭᠥᠷᠳᠡᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号