ᠰᠡᠳᠬᠢᠴᠡ ᠶᠢᠨ ᠯᠠᠪᠯᠠᠭ᠎ᠠ ᠨᠡᠶᠢᠭᠡᠮ ᠲᠣᠭᠤᠷᠢᠭ ᠲᠤ ᠣᠷᠣᠵᠤ  ᠨᠠᠰᠤᠲᠠᠶᠢᠴᠤᠳ ᠤᠨ ᠪᠡᠶ᠎ᠡ ᠰᠡᠳᠭᠢᠯ ᠤᠨ ᠡᠷᠡᠭᠦᠯ ᠮᠡᠨᠳᠦ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2023/9/8
      ᠣᠶᠢᠷ᠎ᠠ ᠳᠤ᠂ ᠤᠰᠤᠲᠤ ᠵᠡᠭᠡᠯᠢ ᠭᠤᠳᠤᠮᠵᠢ ᠶᠢᠨ ᠨᠠᠰᠤᠲᠠᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠯᠢ ᠮᠢᠨ ᠨᠡᠶᠢᠭᠡᠮ ᠲᠣᠭᠤᠷᠢᠭ ᠲᠤ ︽ᠵᠠᠯᠠᠭᠤ ᠨᠠᠰᠤᠨ ᠦᠳᠡᠰᠢ ᠶᠢᠨ ᠨᠠᠷᠠᠨ ᠢ ᠳᠤᠯᠠᠭᠠᠴᠠᠭᠤᠯᠵᠤ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠡᠳᠬᠢᠴᠡ ᠶᠢᠨ ᠡᠷᠡᠭᠦᠯ ᠮᠡᠨᠳᠦ ᠵᠢᠴᠢ ᠰᠡᠳᠬᠢᠴᠡ ᠶᠢᠨ ᠵᠥᠪᠯᠡᠯᠭᠡ︾ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠠᠰᠤᠲᠠᠶᠢᠴᠤᠳ ᠤᠨ ᠦᠷ᠎ᠡ ᠬᠡᠦᠬᠡᠳ ᠨᠢ ᠦᠷᠭᠦᠯᠵᠢ ᠬᠠᠵᠠᠭᠤ ᠳᠠᠭᠠᠨ ᠪᠠᠶᠢᠬᠤ ᠦᠭᠡᠢ᠂ ᠬᠥᠭᠰᠢᠨ ᠨᠢ ᠡᠷᠲᠡ ᠨᠠᠰᠤ ᠪᠠᠷᠠᠭᠰᠠᠨ ᠵᠢᠴᠢ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠠᠰᠠᠭᠤᠳᠠᠯ ᠠᠴᠠ ᠪᠣᠯᠤᠭᠰᠠᠨ ᠰᠡᠳᠬᠢᠯᠭᠡ ᠳᠤ ᠴᠢᠭᠯᠡᠭᠦᠯᠦᠨ᠂ ᠳᠠᠷᠤᠯᠲᠠ ᠶᠢ ᠪᠠᠭᠠᠰᠬᠠᠬᠤ ᠣᠯᠠᠨ ᠵᠦᠢᠯ ᠤᠨ ᠤᠷ᠎ᠠ ᠮᠡᠷᠭᠡᠵᠢᠯ ᠪᠠ ᠥᠪᠡᠷ ᠢ ᠪᠠᠨ ᠵᠣᠬᠢᠴᠠᠭᠤᠯᠬᠤ ᠠᠷᠭ᠎ᠠ ᠶᠢ ᠤᠯᠠᠮᠵᠢᠯᠠᠵᠠᠢ᠃ ᠡᠭᠦᠨ ᠤ ᠬᠠᠮᠲᠤ ᠪᠠᠰᠠ ᠨᠠᠰᠤᠲᠠᠶᠢᠴᠤᠳ ᠲᠤ ᠲᠤᠰᠬᠠᠶᠢᠯᠠᠨ ᠳᠠᠷᠤᠯᠲᠠ ᠶᠢ ᠪᠠᠭᠤᠷᠠᠭᠤᠯᠬᠤ ᠠᠵᠢᠯᠯᠠᠭ᠎ᠠ ᠶᠢ ᠲᠣᠭᠲᠠᠭᠠᠨ ᠥᠭᠴᠦ᠂ ᠰᠡᠳᠬᠢᠯ ᠤᠨ ᠳᠠᠷᠤᠭᠠᠰᠤ ᠶᠢ ᠨᠢ ᠬᠥᠩᠭᠡᠯᠡᠨ᠂ ᠪᠡᠶ᠎ᠡ ᠰᠡᠳᠬᠢᠯ ᠢ ᠨᠢ ᠲᠠᠶᠢᠪᠤᠰᠢᠷᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号