ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/11
      1 ᠰᠠᠷ᠎ᠠ ᠶᠢᠨ 9᠎ ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ︽ᠴᠢᠩᠱᠠᠨ ᠲᠣᠭᠤᠷᠢᠭ ᠤᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶᠎ ᠶᠢᠨ ᠢᠯᠡᠳᠬᠡᠯ ︵ᠶᠠᠷᠢᠯᠴᠠᠬᠤ ᠨᠣᠣᠷᠠᠭ︶︾ ︽ᠴᠢᠩᠱᠠᠨ ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶᠎ ᠤᠨ ᠢᠯᠡᠳᠬᠡᠯ ︵ᠶᠠᠷᠢᠯᠴᠠᠬᠤ ᠨᠣᠣᠷᠠᠭ︶︾ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠎ ᠢ ᠡᠷᠭᠢᠯᠡᠪᠡ᠃       ᠬᠤᠷᠠᠯ ᠎ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠵᠠᠰᠠᠭ ᠤᠨ ᠣᠷᠳᠣᠨ ᠤ ᠰᠢᠨ᠎ᠡ ᠨᠢᠭᠡ ᠵᠢᠯ ᠤᠨ ᠭᠠᠵᠠᠷ ᠣᠷᠣᠨ ᠤ ᠠᠵᠢᠯ ᠢ ᠥᠷᠨᠢᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠡᠯ᠎ᠡ ᠰᠠᠯᠠᠭ᠎ᠠ ᠮᠥᠴᠢᠷ ᠤᠨ ᠬᠡᠷᠡᠭᠵᠢᠭᠦᠯᠦᠯᠲᠡ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠬᠢᠭᠤᠯᠬᠤ ︽ᠵᠠᠮ ᠱᠤᠭᠤᠮ ᠤᠨ ᠵᠢᠷᠤᠭ︾ ︽ᠪᠠᠶᠢᠯᠳᠤᠭᠠᠨ ᠤ ᠵᠢᠷᠤᠭ︾ ᠮᠥᠨ᠂ ᠡᠨᠡ ᠨᠢ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ᠂ ᠨᠡᠶᠢᠭᠡᠮ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠶᠢ ᠪᠠᠷᠢᠮᠲᠠᠯᠠᠵᠤ᠂ ᠥᠷᠭᠡᠨ ᠢᠶᠠᠷ ᠰᠣᠨᠣᠰᠴᠤ᠂ ᠭᠦᠢᠴᠡᠳ ᠰᠢᠩᠭᠡᠬᠡᠨ ᠠᠪᠴᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠢᠯᠡᠳᠬᠡᠯ ᠳᠤ ᠲᠠᠰᠤᠷᠠᠯᠲᠠ ᠦᠭᠡᠢ ᠣᠷᠣᠭᠤᠯᠵᠤ᠂ ᠢᠯᠡᠳᠬᠡᠯ ᠤᠨ ᠡᠯ᠎ᠡ ᠵᠦᠢᠯ ᠤᠨ ᠠᠭᠤᠯᠭ᠎ᠠ ᠶᠢ ᠲᠡᠭᠦᠯᠳᠡᠷᠵᠢᠭᠦᠯᠵᠦ᠂ ᠢᠯᠡᠳᠬᠡᠯ ᠤᠨ ᠠᠮᠵᠢᠯᠲᠠ ᠪᠦᠲᠦᠮᠵᠢ ᠶᠢ ᠭᠦᠢᠴᠡᠳ ᠳ᠋ᠦᠩᠨᠡᠬᠦ ᠶᠢ ᠪᠠᠲᠤᠯᠠᠵᠤ᠂ ᠬᠥᠭᠵᠢᠯᠲᠡ ᠶᠢᠨ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠣᠯᠭᠤᠮᠵᠢᠲᠠᠢ ᠲᠣᠭᠲᠠᠭᠠᠵᠤ᠂ 2024 ᠣᠨ ᠤ ᠠᠵᠢᠯ ᠤᠨ ᠲᠥᠯᠥᠪᠯᠡᠭᠡ ᠶᠢ ᠵᠣᠬᠢᠰᠲᠠᠢ ᠰᠠᠶᠢᠲᠤᠷ ᠪᠠᠶᠢᠷᠢᠯᠠᠭᠤᠯᠵᠤ᠂ ᠦᠨᠡᠨ ᠠᠴᠠ ᠵᠥᠪ ᠢ ᠡᠷᠢᠬᠦ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠤᠯᠤᠰ ᠠᠷᠠᠳ ᠤᠨ ᠠᠵᠤ ᠠᠬᠤᠢ ᠶᠢᠨ ᠲᠥᠯᠥᠪᠯᠡᠭᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠤᠷᠢᠲᠠᠯ ᠨᠥᠬᠦᠴᠡᠯ ᠮᠥᠨ᠂ ᠠᠵᠤ ᠠᠬᠤᠢ ᠨᠡᠶᠢᠭᠡᠮ ᠤᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠳᠡᠭᠡᠳᠦ ᠱᠠᠲᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ  ᠪᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠬᠤᠳᠠ ᠬᠥᠳᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠠᠵᠢᠯ ᠢᠶᠠᠷ ᠭᠠᠷᠳᠠᠴᠠ ᠪᠣᠯᠭᠠᠵᠤ᠂ ᠰᠠᠭᠤᠭᠠᠯᠢ ᠠᠷᠠᠳ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠬᠦᠷ ᠲᠠᠢ ᠰᠠᠶᠢᠨ ᠰᠠᠶᠢᠬᠠᠨ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠡᠳ᠋ ᠤᠨ ᠵᠠᠰᠠᠭ ᠤᠨ ᠲᠥᠰᠥᠪ ᠪᠣᠯ ᠢᠷᠡᠭᠡᠳᠦᠢ ᠶᠢ ᠲᠥᠯᠥᠪᠵᠢᠭᠦᠯᠬᠦ᠂ ᠲᠥᠯᠥᠪᠯᠡᠭᠡ ᠬᠢᠬᠦ᠂ ᠲᠦᠷᠦᠯ ᠵᠦᠢᠯ ᠲᠣᠭᠲᠠᠭᠠᠬᠤ ᠠᠵᠢᠯ ᠪᠣᠯᠣᠨ᠎ᠠ᠂ 2024 ᠣᠨ ᠤ ᠡᠳ᠋ ᠤᠨ ᠵᠠᠰᠠᠭ ᠤᠨ ᠲᠥᠰᠥᠪ ᠢ ᠰᠠᠶᠢᠲᠤᠷ ᠬᠢᠬᠦ ᠎ ᠨᠢ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠳᠡᠭᠡᠳᠦ ᠱᠠᠲᠤᠨ ᠤ ᠲᠥᠰᠥᠪ ᠤᠨ ᠠᠵᠢᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠲᠥᠰᠥᠪ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠰᠥᠪ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠥᠰᠥᠪ ᠤᠨ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠠᠢ ᠴᠢᠨᠠᠷ ᠢ ᠦᠨᠡᠨᠬᠦ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠡᠮᠬᠢ ᠵᠢᠷᠤᠮ ᠲᠠᠢ᠂ ᠥᠨᠳᠥᠷ ᠦᠷ᠎ᠡ ᠠᠰᠢᠭ ᠲᠠᠢ᠂ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ 2024 ᠣᠨ ᠤ ᠡᠳ᠋ ᠤᠨ ᠵᠠᠰᠠᠭ ᠤᠨ ᠲᠥᠰᠥᠪ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ︽ᠭᠠᠮᠨᠠᠵᠤ ᠠᠮᠢᠳᠤᠷᠠᠬᠤ︾᠎ ᠳᠤ ᠳᠠᠳᠴᠤ᠂ ᠵᠠᠷᠤᠯᠭ᠎ᠠ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ᠂ ᠠᠵᠤ ᠦᠢᠯᠡᠰ ᠤᠨ ᠲᠡᠰ ᠳᠡᠪᠰᠢᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠡᠩ ᠲᠡᠷᠢᠭᠦᠨ ᠳᠤ ᠬᠡᠷᠡᠭᠯᠡᠬᠦ ᠬᠡᠷᠡᠭᠲᠡᠢ᠃ ᠤᠯᠠᠨ ᠲᠠᠯ᠎ᠠ ᠶᠢᠨ ᠬᠢᠨ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠦᠯᠡᠳᠡᠭᠡᠯ ᠪᠡᠯᠡ ᠮᠥᠩᠭᠦ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号