ᠳ᠋ᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/12
      1 ᠰᠠᠷ᠎ᠠ ᠶᠢᠨ 10᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ 1 ᠰᠠᠷ᠎ᠠ ᠶᠢᠨ 4᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯᠡᠰ ᠤᠨ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠬᠤ︶︾ ᠵᠢᠴᠢ ᠴᠢᠩᠱᠠᠨ ᠲᠣᠭᠤᠷᠢᠭ ᠤᠨ 2024 ᠣᠨ ᠳᠤ ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠬᠤ᠂ ᠴᠠᠭᠠᠨ ᠰᠠᠷ᠎ᠠ ᠠᠴᠠ ᠡᠮᠦᠨᠡᠬᠢ ᠠᠪᠤᠷᠠᠨ ᠲᠤᠰᠠᠯᠠᠵᠤ ᠲᠣᠬᠤᠨᠢᠭᠤᠯᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠵᠦ᠂ 2023 ᠴᠢᠩᠱᠠᠨ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠵᠢᠴᠢ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ᠢᠯᠵᠠᠷᠠᠯ ᠢ ᠵᠠᠯᠬᠠᠭᠠᠨ  ᠰᠢᠢᠳᠭᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠡᠷᠡᠭ ᠢ ᠶᠠᠷᠢᠵᠤ ᠰᠠᠬᠢᠯᠭ᠎ᠠ ᠪᠠᠲᠤ ᠶᠢ ᠲᠣᠳᠣᠷᠬᠠᠶᠢᠯᠠᠬᠤ︾᠂ ︽ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠠᠯᠠᠭᠴᠢ︾ ᠵᠡᠷᠭᠡ ᠠᠷᠭ᠎ᠠ ᠬᠢᠳᠡᠯ ᠲᠤᠷᠰᠢᠯᠭ᠎ᠠ ᠶᠢ ᠪᠠᠬᠢᠵᠢᠭᠦᠯᠦᠨ ᠰᠠᠶᠢᠲᠤᠷ ᠬᠡᠷᠡᠭᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠨᠡ ᠵᠢᠯ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠠᠵᠢᠯᠲᠠᠨ ᠤ ᠤᠷᠮᠠᠰᠢᠭᠤᠯᠬᠤ ᠠᠷᠭ᠎ᠠ ᠬᠡᠮᠵᠢᠶ᠎ᠡ ᠶᠢ  ᠦᠨᠡᠨᠬᠦ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠣᠨᠣᠪᠴᠢᠲᠠᠶ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠴᠠᠭᠠᠨ ᠰᠠᠷ᠎ᠠ ᠠᠴᠠ ᠡᠮᠦᠨᠡᠬᠢ ᠠᠪᠤᠷᠠᠨ ᠲᠤᠰᠠᠯᠠᠵᠤ ᠲᠣᠬᠤᠨᠢᠭᠤᠯᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠠᠯᠠᠮᠵᠢᠯᠠᠯ ᠢ ᠴᠠᠭ ᠲᠤᠬᠠᠶ ᠳᠤᠨᠢ ᠨᠢᠭᠡᠳᠦᠭᠡᠷ ᠹᠷᠣᠨᠲ ᠲᠤ ᠬᠦᠷᠭᠡᠬᠦ ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠪᠦᠬᠦ ᠲᠤᠭᠤᠷᠢᠭ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠭᠠᠷᠳᠠᠬᠤ ᠴᠡᠭ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ︽ᠲᠤᠯᠤᠭᠠᠨ ᠰᠢᠨ᠎ᠡ ᠴᠢᠩᠱᠠᠨ︾᠎ ᠢ ᠲᠦᠷᠭᠡᠨ ᠪᠦᠳᠦᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ  ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号