ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/15
      1 ᠰᠠᠷ᠎ᠠ ᠶᠢᠨ 12᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾᠎ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠤᠭᠤᠷᠢᠭ ᠤᠨ ︽ᠬᠤᠶᠠᠷ ᠬᠤᠷᠠᠯ︾᠎ ᠢ ᠪᠡᠯᠡᠳᠬᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾᠎ ᠳᠤ ᠵᠠᠰᠠᠪᠤᠷᠢ ᠣᠷᠣᠭᠤᠯᠬᠤ ᠭᠤᠣᠯᠳᠠᠯᠭ᠎ᠠ  ᠪᠠ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ︽ᠳᠦᠷᠢᠮ︾᠎ ᠢ ︽ᠥᠨᠳᠥᠷ ᠬᠦᠴᠦᠳᠡᠯᠲᠦ ᠤᠲᠠᠰᠤ︾ ᠪᠠ ᠳᠠᠪᠠᠵᠤ ᠪᠣᠯᠣᠰᠢ ᠦᠭᠡᠢ ︽ᠤᠯᠠᠭᠠᠨ ᠱᠤᠭᠤᠮ︾ ᠪᠣᠯᠭᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠨᠠᠭᠰᠢᠳᠠ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠬᠠᠲᠠᠭᠤ ᠴᠢᠨᠠᠷ  ᠪᠠ ᠲᠥᠪ ᠴᠢᠩᠭ᠎ᠠ ᠴᠢᠨᠠᠷ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠡᠭᠡᠳᠦ ᠬᠡᠮᠵᠢᠶᠡᠨ ᠤ ᠬᠠᠷᠢᠭᠤᠴᠠᠯᠭ᠎ᠠ ᠲᠠᠢ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠨᠠᠷᠢᠨ ᠬᠢᠨᠠᠮᠠᠭᠠᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠡᠰ ᠳᠠᠷᠠᠭᠠᠯᠠᠯ ᠢ ᠴᠢᠩᠭ᠎ᠠ ᠠᠳᠬᠤᠵᠤ᠂ ᠲᠤᠭᠤᠷᠢᠭ ᠤᠨ ︽ᠬᠤᠶᠠᠷ ᠬᠤᠷᠠᠯ︾᠎ ᠢ ᠦᠵᠡᠯ ᠰᠠᠨᠠᠭ᠎ᠠ ᠪᠠᠨ ᠨᠢᠭᠡᠳᠬᠡᠭᠰᠡᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠦᠭᠰᠡᠨ᠂ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠭᠰᠡᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号