ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠨᠢᠭᠡᠴᠡ ᠶᠢ ᠪᠣᠶᠢᠵᠢᠭᠤᠯᠤᠨ ᠡᠭᠦᠳᠦᠨ ᠪᠠᠶᠢᠭᠤᠯᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/1/17
      ᠣᠶᠢᠷ᠎ᠠ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠴᠢᠬᠤᠯᠠ ᠭᠠᠷᠳᠠᠴᠠ ᠪᠣᠯᠭᠠᠵᠤ᠂ ᠬᠠᠷᠢᠶᠠᠲᠤ ᠣᠷᠣᠨ ᠤ ᠳᠣᠲᠣᠷᠠᠬᠢ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠲᠣᠰᠣ ᠨᠡᠮᠡᠬᠦ ᠥᠷᠲᠡᠭᠡ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠳᠤ ︽ᠬᠡᠮ ᠬᠢᠬᠦ ᠵᠢᠩᠯᠡᠭᠦᠷ︾ ᠬᠡᠷᠡᠭᠯᠡᠬᠦ᠂ ᠵᠢᠩ ᠯᠠᠩ ᠳᠤᠲᠠᠭᠤᠯᠬᠤ᠂ ᠪᠠᠭᠠᠵᠢ ᠬᠡᠷᠡᠭᠰᠡᠯ ᠤᠨ ᠣᠨᠣᠪᠴᠢ ᠦᠭᠡᠢ ᠪᠣᠯᠬᠤ ᠵᠡᠷᠭᠡ ᠦᠶᠯᠡ ᠠᠵᠢᠯᠯᠠᠭ᠎ᠠ ᠭᠠᠷᠬᠤ  ᠠᠴᠠ ᠵᠠᠶᠢᠯᠠᠰᠬᠢᠵᠦ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号