ᠲᠤᠭᠤᠷᠢᠭ ᠤᠨ ᠱᠠᠲᠤᠨ ᠤ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/18
      1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠲᠣᠭᠤᠷᠢᠭ ᠤᠨ ᠳᠥᠷᠪᠡᠨ ᠢᠵᠢ ᠪᠠᠭ ᠤᠨ ᠪᠦᠷᠢᠯᠳᠦᠭᠦᠨ᠂ ᠰᠢᠭᠦᠬᠦ ᠬᠤᠷᠢᠶ᠎ᠠ ᠶᠢᠨ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠰᠢᠶᠠᠨ ᠤ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠪᠤᠭᠤᠲᠤ ᠬᠤᠲᠠ ᠶᠢᠨ ᠮᠦᠽᠧᠢ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯ ᠰᠡᠳᠦᠪᠲᠦ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠪᠡ᠃       ᠲᠤᠰ ᠤᠳᠠᠭ᠎ᠠ ᠶᠢᠨ ᠭᠤᠣᠯ ᠰᠡᠳᠦᠪᠲᠦ ᠦᠵᠡᠭᠦᠯᠦᠯᠭᠡ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠵᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢᠶᠠᠷ ᠦᠨᠳᠦᠰᠦ ᠪᠣᠯᠭᠠᠵᠤ᠂ ᠥᠪᠥᠷ ᠮᠣᠩᠭᠤᠯ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠬᠡᠴᠢᠨᠡᠨ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠳᠠᠭᠠᠨ ᠬᠠᠨᠳᠤᠬᠤ ᠬᠠᠶᠢᠷ᠎ᠠ ᠰᠡᠳᠬᠢᠯᠭᠡ ᠪᠠ ᠦᠨᠡᠨᠴᠢ ᠰᠢᠳᠤᠷᠭᠤ ᠶᠢ ᠥᠴᠥᠬᠡᠨ ᠴᠦ ᠭᠤᠶᠢᠪᠢᠯᠵᠠᠭᠤᠯᠵᠤ ᠴᠢᠳᠠᠬᠤ ᠦᠭᠡᠢ ᠭᠡᠳᠡᠭ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠦᠰᠦᠭ ᠪᠢᠴᠢᠭ ᠤᠨ ᠲᠠᠨᠢᠯᠴᠠᠭᠤᠯᠭ᠎ᠠ᠂ ᠲᠡᠦᠬᠡ ᠶᠢᠨ ᠭᠡᠷᠡᠯ ᠵᠢᠷᠤᠭ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠨᠠᠷᠢᠨ ᠬᠢᠨᠠᠮᠠᠭᠠᠢ ᠰᠣᠨᠢᠷᠬᠠᠵᠤ᠂ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠳᠤᠷᠠᠰᠤᠮᠵᠢ ᠶᠢ ᠲᠠᠬᠢᠨ ᠡᠷᠭᠢᠴᠡᠭᠦᠯᠵᠦ᠂ ᠰᠡᠳᠬᠢᠯ ᠢᠶᠠᠨ ᠨᠠᠮ ᠳᠠᠭᠠᠨ ᠬᠠᠨᠳᠤᠭᠤᠯᠵᠤ᠂ ᠰᠡᠳᠬᠢᠯ ᠢᠶᠠᠨ ᠨᠠᠮ ᠤᠨ ᠲᠥᠪ ᠬᠤᠷᠢᠶ᠎ᠠ ᠳᠤ ᠬᠠᠨᠳᠤᠭᠤᠯᠤᠭᠰᠠᠨ ᠬᠤᠪᠢᠰᠬᠠᠯ ᠤᠨ ᠭᠧᠨ ᠢ ᠤᠯᠠᠮᠵᠢᠯᠠᠪᠠ᠃       ᠭᠤᠣᠯ ᠰᠡᠳᠦᠪᠲᠦ ᠦᠵᠡᠭᠦᠯᠦᠯᠭᠡ ᠶᠢ ᠰᠣᠨᠢᠷᠬᠠᠬᠤ ᠪᠠᠷ ᠳᠡᠮᠵᠢᠨ᠂ ᠣᠯᠠᠨ ᠢᠶᠠᠷ ᠢᠶᠠᠨ ᠥᠪᠥᠷ ᠮᠣᠩᠭᠤᠯ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠡᠦᠬᠡ ᠶᠢᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠴᠢᠩ ᠦᠨᠡᠨᠴᠢ ᠠᠴᠢᠯᠠᠯᠲᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠥᠭᠭᠦᠭᠰᠡᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠣᠶᠢᠯᠠᠭᠠᠨ ᠰᠤᠷᠤᠯᠴᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠪᠤᠭᠤᠲᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ  ᠴᠢᠩᠱᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号