2024 ᠣᠨ ᠤ ᠰᠢᠨ᠎ᠡ ᠵᠢᠯ ᠤᠨ ᠪᠠᠶᠠᠷ ᠤᠨ ᠦᠭᠡ
ᠨᠡᠶᠢᠲᠡᠯᠡᠭᠰᠡᠨ ᠴᠠᠭ᠄
2024/1/2
      ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠬᠤᠷᠢᠶᠠᠨ ᠤ ᠱᠦᠵᠢ       ᠳ᠋ᠢᠩ ᠺᠠᠢ      ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ       ᠪᠠᠢ ᠶᠦᠨ ᠰᠢ      ᠨᠥᠬᠦᠳ ᠠ᠋᠂ ᠨᠠᠶᠢᠵᠠ ᠨᠠᠷ ᠠ᠄       ᠰᠢᠨ᠎ᠡ ᠵᠢᠯ ᠤᠨ ᠪᠠᠶᠠᠷ ᠪᠣᠯᠬᠤ ᠲᠠᠰᠢᠷᠠᠮ ᠢᠶᠠᠷ᠂ ᠪᠢᠳᠡ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ  ᠠᠴᠠ ᠪᠥᠬᠦ ᠲᠤᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠰᠢᠨ᠎ᠡ ᠵᠢᠯ ᠤᠨ ᠰᠠᠶᠢᠨ ᠰᠠᠶᠢᠬᠠᠨ ᠢᠷᠦᠭᠡᠯ ᠳᠡᠪᠰᠢᠭᠦᠯᠵᠦ ᠪᠠᠶᠢᠨ᠎ᠠ︕       2023 ᠣᠨ ᠪᠣᠯ ᠴᠢᠩᠱᠠᠨ ᠤ ᠬᠥᠭᠵᠢᠯᠲᠡ ᠶᠢᠨ ᠲᠡᠦᠬᠡᠨ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ︽ᠳᠣᠯᠣᠭᠠᠨ ᠰᠢᠨ᠎ᠡ ᠴᠢᠩᠱᠠᠨ︾ ᠶᠢ ᠪᠦᠲᠦᠭᠡᠨ ᠪᠠᠶᠢᠭᠤᠯᠬᠤ ᠬᠠᠷᠠᠯᠲᠠ ᠶᠢ ᠪᠠᠲᠤᠲᠠᠢ ᠪᠡᠶᠡᠯᠡᠭᠦᠯᠵᠦ᠂ ᠲᠣᠭᠲᠠᠯ ᠬᠦᠴᠦᠨ ᠢᠶᠠᠨ ᠪᠠᠲᠤᠯᠠᠬᠤ ᠳᠤᠮᠳᠠ ᠬᠥᠭᠵᠢᠯᠲᠡ ᠪᠠᠨ ᠲᠦᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤᠮᠳᠠ ᠠᠵᠤ ᠦᠢᠯᠡᠰ ᠢᠶᠠᠨ ᠬᠦᠴᠦᠷᠬᠡᠭᠵᠢᠭᠦᠯᠵᠦ᠂ ᠠᠷᠠᠳ ᠤᠨ ᠲᠥᠯᠥᠭᠡ ᠲᠥᠷᠥ ᠪᠠᠷᠢᠬᠤ ᠳᠤᠮᠳᠠ ᠠᠮᠠᠯᠠᠯᠲᠠ ᠪᠠᠨ ᠪᠡᠶᠡᠯᠡᠭᠦᠯᠬᠦ ᠪᠠᠷ ᠴᠢᠷᠮᠠᠶᠢᠵᠤ᠂ ᠠᠵᠢᠯ ᠤᠨ ᠦᠷ᠎ᠡ ᠪᠦᠲᠦᠮᠵᠢ ᠶᠢ ᠦᠨᠡᠨᠬᠦ ᠬᠥᠭᠵᠢᠯᠲᠡ ᠶᠢᠨ ᠭᠦᠢᠴᠡᠳᠬᠡᠯ ᠲᠤᠭ᠎ᠠ᠂ ᠥᠭᠡᠷᠡᠴᠢᠯᠡᠯᠲᠡ ᠶᠢᠨ ᠰᠢᠪᠲᠤᠯᠤᠯᠲᠠ᠂ ᠪᠣᠳᠠᠲᠠᠢ ᠲᠥᠷᠥᠯ ᠵᠦᠢᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠢᠯᠡᠷᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ‌ᠯᠠᠪᠳᠠᠭᠤᠨ ᠪᠠᠲᠤᠲᠠᠢ ᠠᠬᠢᠭᠤᠯᠵᠤ ᠬᠤᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠵᠠᠯᠭᠠᠯᠳᠤᠭᠠᠪᠠᠷ ᠵᠢᠷᠭᠤᠳᠤᠭᠠᠷ ᠲᠤ ᠤᠷᠤᠵᠤ᠂ ︽2023 ᠳᠤᠮᠳᠠᠳᠤ ᠤᠯᠤᠰ ᠤᠨ ᠪᠠᠷᠠᠭᠤᠨ ᠣᠷᠣᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠣᠷᠣᠨ︾ ᠪᠠᠷ ᠰᠣᠩᠭᠤᠭᠳᠠᠪᠠ᠃       ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡᠯ᠂ ᠮᠠᠭᠲᠠᠭᠤᠰᠢᠲᠠᠢ ᠠᠮᠵᠢᠯᠲᠠ ᠶᠢᠨ ᠬᠠᠭᠤᠳᠠᠰᠤ ᠰᠡᠷᠡᠭᠳᠡᠬᠦᠶᠢᠴᠡ ᠬᠤᠪᠢᠷᠠᠯᠲᠠ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠬᠠᠮᠲᠤᠪᠠᠷ ᠡᠭᠦᠷᠭᠡᠯᠡᠵᠦ᠂ ᠠᠮᠢ ᠴᠦᠯᠡᠨ ᠲᠡᠮᠡᠴᠡᠵᠦ᠂ ᠰᠢᠪᠲᠤᠯᠤᠨ ᠭᠠᠷᠴᠤ ᠢᠷᠡᠭᠰᠡᠨ ᠶᠤᠮ᠃ ᠮᠡᠷᠡᠶᠢᠨ ᠲᠡᠮᠡᠴᠡᠬᠦ ᠡᠳᠦᠷ ᠪᠣᠯᠭᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠮᠠᠷᠲᠠᠭᠳᠠᠰᠢ ᠦᠭᠡᠢ ᠳᠤᠷᠠᠰᠤᠮᠵᠢ ᠪᠣᠯᠭᠠᠨ ᠬᠥᠮᠥᠰ ᠤᠨ ᠰᠡᠳᠬᠢᠯ ᠢ ᠳᠤᠯᠠᠭᠠᠴᠠᠭᠤᠯᠤᠨ᠂ ᠴᠢᠩᠱᠠᠨ ᠤ ᠬᠥᠮᠥᠨ ᠪᠣᠯᠭᠠᠨ ᠴᠥᠮ ᠶᠡᠷᠦ ᠪᠤᠰᠤ ᠶᠢᠨ ᠲᠡᠮᠡᠴᠡᠭᠴᠢ ᠶᠤᠮ︕ ᠡᠨᠡ ᠲᠠᠰᠢᠷᠠᠮ ᠢᠶᠠᠷ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠠᠴᠠ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠪᠠ ᠦᠨᠳᠦᠰᠦᠲᠡᠨ ᠨᠦᠭᠦᠳ ᠤᠨ ᠠᠷᠠᠳ ᠲᠦᠮᠡᠨ᠂ ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠬᠥᠮᠥᠰ᠂ ᠪᠦᠬᠦ ᠲᠤᠭᠤᠷᠢᠭ ᠤᠨ ᠰᠠᠭᠤᠭᠠᠯᠢ ᠠᠷᠠᠳ ᠲᠤ ᠬᠠᠮᠤᠭ ᠤᠨ ᠴᠢᠩ ᠰᠡᠳᠬᠢᠯ ᠤᠨ ᠲᠠᠯᠠᠷᠬᠠᠯ  ᠪᠠ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕       2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ ᠪᠤᠴᠠᠬᠤ ᠵᠠᠩᠭᠢᠯᠠᠭ᠎ᠠ ᠶᠢᠨ ᠵᠢᠯ ᠮᠥᠨ᠃ ᠰᠠᠶ᠋ᠢᠬᠠᠨ ᠬᠤᠷᠠᠯᠳᠤᠭᠤᠯᠤᠭᠰᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ  ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠭᠠᠷᠭᠠᠭᠰᠠᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠪᠣᠳᠠᠲᠠᠢ ᠪᠠᠷ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ︾ ᠰᠢᠯᠢᠳᠡᠭ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠪᠠ ︽ᠬᠤᠶᠠᠷ ᠢ ᠤᠷᠤᠭᠤᠯᠵᠦ ᠬᠤᠶᠠᠷ ᠢ ᠲᠠᠲᠠᠬᠤ︾ ᠪᠠᠷ ᠭᠠᠷᠳᠠᠴᠠ ᠪᠣᠯᠭᠠᠵᠤ᠂ ︽ᠬᠤᠶᠠᠷ ᠢ ᠳᠠᠭᠠᠭᠠᠴᠢᠯᠠᠬᠤ︾ ᠶᠢᠨ ᠣᠷᠴᠢᠨ ᠲᠣᠭᠤᠷᠢᠨ ᠢᠶᠠᠷ ᠪᠠᠲᠤᠯᠠᠭ᠎ᠠ ᠪᠣᠯᠭᠠᠵᠤ᠂ ︽ᠨᠡᠮᠡᠭᠳᠡᠯ  ᠤᠨ ᠤᠬᠠᠮᠰᠠᠷ︾ ︽ᠪᠣᠳᠠᠲᠠᠢ ᠠᠳᠬᠤᠵᠤ ᠪᠣᠳᠠᠲᠠᠢ ᠬᠢᠬᠦ︾ ᠪᠠᠷ ᠰᠢᠯᠭᠠᠨ ᠪᠠᠶᠢᠴᠠᠭᠠᠯᠲᠠ ᠪᠣᠯᠭᠠᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠪᠡᠶᠡᠯᠡᠭᠦᠯᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠ ᠴᠢᠩ ᠦᠨᠡᠨᠴᠢ ᠬᠠᠷᠢᠭᠤᠴᠠᠯᠭ᠎ᠠ ᠶᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃       ᠡᠨᠡ ᠬᠦ ᠴᠠᠭ ᠮᠥᠴᠡ ᠳᠤ᠂ ᠰᠢᠨ᠎ᠡ ᠵᠢᠯ ᠤᠨ ᠠᠯᠬᠤᠭ᠎ᠠ ᠤᠯᠠᠮ ᠠᠴᠠ ᠤᠯᠠᠮ ᠣᠶᠢᠷᠠᠳᠴᠤ᠂ ᠪᠢᠳᠡ ᠢᠲᠡᠭᠡᠯ ᠵᠣᠷᠢᠭ ᠪᠠ ᠬᠦᠰᠡᠯ ᠡᠷᠡᠮᠡᠯᠵᠡᠯ ᠢᠶᠠᠷ 2024 ᠣᠨ ᠤ ᠬᠦᠷᠴᠦ ᠢᠷᠡᠬᠦ ᠶᠢ ᠬᠠᠮᠲᠤᠪᠠᠷ ᠤᠭᠲᠤᠨ᠎ᠠ᠃ ᠰᠢᠨ᠎ᠡ ᠨᠢᠭᠡᠨ ᠵᠢᠯ ᠳᠤ ᠠᠭᠤᠤ ᠶᠡᠭᠡ ᠡᠬᠡ ᠣᠷᠣᠨ ᠤ ᠪᠠᠨ ᠴᠡᠴᠡᠭᠯᠡᠨ ᠬᠥᠭᠵᠢᠬᠦ ᠶᠢ ᠢᠷᠦᠭᠡᠶ᠎ᠡ︕  ᠴᠢᠩᠱᠠᠨ ᠤ ᠢᠷᠡᠭᠡᠳᠦᠢ ᠨᠡᠩ ᠰᠠᠶᠢᠨ ᠰᠠᠶᠢᠬᠠᠨ ᠪᠣᠯᠬᠤ ᠶᠢ ᠢᠷᠦᠭᠡᠶ᠎ᠡ︕  ᠪᠦᠬᠦ ᠲᠤᠭᠤᠷᠢᠭ ᠤᠨ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠪᠡᠯᠭᠡᠯᠡᠶ᠎ᠡ︕ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号