ᠴᠢᠩᠱᠠᠨ ᠲᠣᠭᠤᠷᠢᠭ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠵᠢᠩᠬᠢᠨᠢ ᠪᠠᠷ ᠳᠠᠩᠰᠠᠯᠠᠬᠤ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/22
      ᠪᠤᠭᠤᠲᠤ ᠬᠤᠳᠠ ᠶᠢᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩᠱᠠᠨ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢ ᠵᠢᠩᠬᠢᠨᠢ ᠪᠠᠷ ᠳᠠᠩᠰᠠᠯᠠᠬᠤ ᠠᠵᠢᠯ  ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ 1 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠪᠠᠷ ᠳᠠᠩᠰᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠤᠭᠤᠷᠢᠭ ᠤᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠵᠢᠴᠢ ᠲᠤᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠪᠦᠬᠦ ᠠᠵᠢᠯᠲᠠᠳ ᠬᠤᠷᠠᠯ ᠳᠤ ᠣᠷᠣᠯᠴᠠᠪᠠ᠃       ᠬᠤᠷᠠᠯ ᠠᠴᠠ ᠪᠤᠭᠤᠲᠤ ᠬᠤᠳᠠ ᠶᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠢᠩᠱᠠᠨ ᠲᠣᠭᠤᠷᠢᠭ ᠤᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠵᠢᠩᠬᠢᠨᠢ ᠪᠠᠷ ᠳᠠᠩᠰᠠᠯᠠᠬᠤ ᠱᠠᠲᠤᠨ ᠤ ᠠᠵᠢᠯ ᠤᠨ ᠲᠥᠰᠥᠯ ᠳᠤ ᠨᠠᠷᠢᠨ ᠲᠠᠶᠢᠯᠤᠮᠵᠢ ᠬᠢᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠴᠠᠭ ᠬᠤᠭᠤᠴᠠᠭ᠎ᠠ᠂ ᠡᠭᠦᠷᠭᠡ ᠶᠢᠨ ᠲᠣᠬᠢᠷᠠᠭᠤᠯᠤᠯᠲᠠ᠂ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠮᠵᠢᠯᠴᠠᠬᠤ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠢᠯ ᠤᠨ ᠭᠤᠣᠯᠳᠠᠯᠭ᠎ᠠ ᠪᠠ ᠴᠢᠷᠮᠠᠶᠢᠬᠤ ᠴᠢᠭᠯᠡᠯ ᠢ ᠲᠣᠳᠣᠷᠬᠠᠶᠢᠯᠠᠪᠠ᠃       ᠬᠤᠷᠠᠯ  ᠠᠴᠠ᠂ ᠨᠢᠭᠡ ᠳᠤ ᠤᠯᠤᠰ ᠲᠥᠷᠥ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ  ᠶᠢᠨ ᠳᠠᠩᠰᠠᠯᠠᠯᠲᠠ  ᠶᠢᠨ ᠴᠢᠬᠤᠯᠠ ᠴᠢᠨᠠᠷ  ᠢ ᠭᠦᠨᠵᠡᠭᠡᠢ ᠲᠠᠨᠢᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠵᠠᠰᠠᠭ ᠤᠨ ᠣᠷᠳᠣᠨ ᠨᠢᠭᠡᠳᠦᠯᠲᠡᠢ ᠪᠠᠶᠢᠷᠢᠯᠠᠭᠤᠯᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠬᠦ᠂ ᠵᠡᠭᠡᠯᠢ ᠪᠠᠯᠭᠠᠰᠤ ᠨᠠᠶᠢᠳᠠᠪᠤᠷᠢᠵᠢᠭᠤᠯᠬᠤ︾ ᠠᠵᠢᠯ ᠤᠨ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ︽ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠬᠦ︾ ᠶᠢ ᠦᠨᠡᠨᠬᠦ ᠪᠠᠲᠤᠯᠠᠵᠤ᠂ ᠪᠥᠬᠦ ᠲᠤᠭᠤᠷᠢᠭ ᠤᠨ ᠠᠵᠤ ᠠᠬᠤᠢ ᠶᠢᠨ ᠪᠠᠶᠢᠳᠠᠯ ᠢ ᠦᠨᠡᠨ ᠪᠣᠳᠠᠲᠠᠢ ᠪᠥᠬᠦ ᠲᠠᠯ᠎ᠠ ᠪᠠᠷ ᠲᠤᠰᠬᠠᠬᠤ ᠬᠡᠷᠡᠭᠲᠡᠢ᠃ ᠬᠤᠶᠠᠷ ᠲᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠰᠠᠶᠢᠲᠤᠷ ᠳᠠᠩᠰᠠᠯᠠᠬᠤ ᠬᠡᠷᠡᠭᠲᠡᠢ᠃ ᠳᠠᠩᠰᠠᠯᠠᠬᠤ ᠴᠠᠭ ᠪᠠᠴᠢᠮ ᠡᠭᠦᠷᠭᠡ ᠬᠦᠨᠳᠦ᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠪᠠᠯᠭᠠᠰᠤ ᠶᠢᠨ ᠠᠵᠤ ᠠᠬᠤᠢ ᠶᠢᠨ ᠨᠡᠶᠢᠳᠡᠮ  ᠪᠠᠶᠢᠴᠠᠭᠠᠯᠲᠠ ᠶᠢᠨ ᠠᠯᠪᠠᠨ ᠭᠡᠷ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠴᠠᠭ ᠤᠨ ᠠᠬᠢᠴᠠ ᠶᠢ ᠴᠢᠩᠭ᠎ᠠ ᠡᠵᠡᠮᠳᠡᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠲᠣᠭᠲᠠᠭᠰᠠᠨ ᠴᠠᠭ ᠤᠨ ᠳᠣᠲᠣᠷ᠎ᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢᠭᠡᠪᠦᠷᠢ ᠪᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠡᠨ ᠪᠣᠳᠠᠲᠠᠢ ᠣᠨᠣᠪᠴᠢᠲᠠᠶ ᠪᠦᠷᠢᠨ ᠭᠦᠢᠴᠡᠳ ᠬᠠᠩᠭᠠᠯᠭᠠᠬᠤ ᠬᠡᠷᠡᠭᠲᠡᠢ᠃ ᠭᠤᠷᠪᠠ ᠳᠤ᠂ ᠤᠯᠠᠨ ᠲᠠᠯ᠎ᠠ ᠶᠢᠨ ᠠᠷᠭ᠎ᠠ ᠶᠢ ᠵᠡᠷᠭᠡᠪᠡᠷ ᠬᠡᠷᠡᠭᠯᠡᠬᠦ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠤᠨ ᠬᠡᠮᠵᠢᠶ᠎ᠡ ᠶᠢ ᠡᠷᠢᠵᠦ ᠳᠠᠯᠳᠠ ᠬᠦᠴᠦᠨ ᠢ ᠠᠭᠤᠳᠠᠯᠤᠨ᠎ᠠ᠃ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠳ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠲᠥᠰᠥᠯ ᠢᠶᠠᠷ ᠭᠠᠷᠳᠠᠴᠠ ᠪᠣᠯᠭᠠᠨ᠂ ᠦᠷᠭᠦᠯᠵᠢᠯᠡᠨ ᠭᠦᠨᠵᠡᠭᠡᠢ ᠣᠶᠢᠯᠠᠭᠠᠨ ᠪᠠᠶᠢᠴᠠᠭᠠᠵᠤ᠂ ᠳᠤᠲᠠᠭᠳᠠᠯ ᠲᠠᠢ ᠲᠠᠯ᠎ᠠ ᠶᠢ ᠨᠢ ᠪᠠᠶᠢᠴᠠᠭᠠᠨ ᠨᠥᠬᠦᠪᠦᠷᠢᠯᠡᠵᠦ᠂ ᠪᠤᠰᠤᠳ ᠰᠠᠯᠠᠭ᠎ᠠ ᠮᠥᠴᠢᠷ ᠨᠤᠭᠤᠳ ᠲᠤᠭᠤᠷᠢᠭ ᠤᠨ ᠠᠵᠤ ᠠᠬᠤᠢ ᠪᠠ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ︽ᠨᠢᠭᠡᠳᠬᠡᠬᠦ ᠶᠣᠰᠣᠲᠠᠢ ᠶᠢ ᠨᠢ ᠪᠦᠬᠦᠨ ᠢ ᠨᠢᠭᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠠᠵᠢᠯ ᠤᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠤᠨ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠳᠡᠮᠵᠢᠯᠭᠡ ᠬᠠᠮᠵᠢᠯᠴᠠᠭ᠎ᠠ ᠶᠢ ᠣᠯᠬᠤ ᠪᠠᠷ ᠴᠢᠷᠮᠠᠶᠢᠬᠤ᠂ ᠲᠤᠭ᠎ᠠ ᠪᠠᠷᠢᠮᠲᠠ ᠶᠢ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠢ᠃ ᠲᠠᠪᠤ ᠳᠤ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠲᠤᠨᠤᠭ ᠲᠦᠭᠦᠭᠡᠷᠦᠮᠵᠢ  ᠦᠢᠯᠡᠳᠬᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠪᠠᠯᠭᠠᠰᠤ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠭᠡᠬᠦ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ᠂ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠳᠠᠯ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号