ᠳ᠋ᠤᠭᠠᠷ ᠳᠠᠭᠤᠳᠠᠬᠤ ᠰᠢᠰᠲ᠋ᠧᠮ ᠢ ᠪᠥᠬᠦ ᠲᠠᠯ᠎ᠠ ᠪᠠᠷ ᠲᠠᠰ ᠳᠡᠪᠰᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/1/23
      ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠣᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠣᠯᠠᠨ ᠲᠦᠮᠡᠨ ᠳᠤ ᠰᠠᠶᠢᠨ ᠶᠠᠪᠤᠳᠠᠯ ᠪᠦᠲᠦᠭᠡᠵᠦ ᠥᠭᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ  ᠪᠤᠯᠭᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ A ᠠᠰᠠᠷ ᠤᠨ ᠳ᠋ᠤᠭᠠᠷ ᠳᠠᠭᠤᠳᠠᠬᠤ ᠰᠢᠰᠲ᠋ᠧᠮ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠲᠥᠪ ᠤᠨ ᠬᠠᠲᠠᠭᠤ ᠲᠣᠨᠤᠭ ᠤᠨ ᠪᠡᠯᠡᠳᠬᠡᠮᠵᠢ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠳᠤᠭᠤᠢ ᠳ᠋ᠤᠭᠠᠷ ᠳᠠᠭᠤᠳᠠᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠪ ᠤᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠣᠶᠢᠯᠠᠭᠠᠬᠤ ᠲᠥᠷᠥᠭᠳᠡᠯ ᠢ ᠨᠡᠮᠡᠭᠳᠡᠭᠦᠯᠦᠨ᠎ᠡ᠃       ᠴᠣ᠋ ᠰᠢᠨ᠎ᠡ ᠳ᠋ᠤᠭᠠᠷ ᠳᠠᠭᠤᠳᠠᠬᠤ ᠰᠢᠰᠲ᠋ᠧᠮ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠳ᠋ᠤᠭᠠᠷ ᠳᠠᠭᠤᠳᠠᠬᠤ ᠰᠢᠰᠲ᠋ᠧᠮ ᠪᠣᠯᠣᠨ ᠶᠡᠷᠦᠩᠬᠡᠶᠢᠯᠡᠭᠰᠡᠨ ᠴᠤᠩᠬᠤᠪᠴᠢ ᠶᠢᠨ ᠬᠦᠯᠢᠶᠡᠨ ᠠᠪᠬᠤ ᠲᠠᠪᠴᠠᠩ ᠤᠨ ᠴᠠᠭ ᠲᠤᠬᠠᠢ ᠳᠤᠨᠢ ᠮᠡᠳᠡᠭᠡ ᠵᠠᠩᠭᠢ ᠶᠢ ᠡᠷᠭᠢᠯᠲᠡ ᠳᠤ ᠣᠷᠣᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠶᠡᠭᠡ ᠲᠢᠩᠬᠢᠮ ᠳᠤ ᠬᠦᠷᠦᠭᠰᠡᠨ ᠤ ᠳᠠᠷᠠᠭ᠎ᠠ᠂ ᠰᠢᠢᠳᠪᠦᠷᠢᠯᠡᠬᠦ ᠴᠢᠬᠤᠯᠠᠲᠠᠢ ᠤᠴᠢᠷ ᠶᠠᠪᠤᠳᠠᠯ ᠢ ᠰᠣᠩᠭᠤᠵᠤ᠂ ᠪᠡᠶ᠎ᠡ ᠶᠢᠨ ᠦᠨᠡᠮᠯᠡᠯ ᠢᠶᠠᠨ ᠬᠡᠷᠡᠭᠯᠡᠬᠦ ᠪᠤᠶᠤ ᠬᠤᠪᠢ ᠬᠥᠮᠥᠨ ᠤ ᠦᠨᠳᠦᠰᠦᠨ ᠮᠡᠳᠡᠭᠡ ᠵᠠᠩᠭᠢ ᠪᠠᠨ ᠲᠠᠭᠯᠠᠵᠤ᠂ ᠳᠠᠷᠤᠢ ᠳ᠋ᠤᠭᠠᠷ ᠠᠪᠬᠤ ᠶᠢ ᠪᠡᠶᠡᠯᠡᠭᠦᠯᠵᠦ ᠪᠣᠯᠣᠨ᠎ᠠ᠂ ᠣᠯᠠᠨ ᠲᠦᠮᠡᠨ ᠳ᠋ᠤᠭᠠᠷ ᠳᠠᠭᠤᠳᠠᠬᠤ ᠶᠢ ᠬᠦᠯᠢᠶᠡᠬᠦ ᠳᠡᠭᠡᠨ ᠲᠥᠪ ᠤᠨ ᠡᠯᠧᠺᠲᠷᠣᠨ ᠳᠡᠯᠭᠡᠴᠡ ᠪᠠᠷ ᠳᠠᠮᠵᠢᠭᠤᠯᠤᠨ ᠲᠣᠰ ᠴᠤᠩᠬᠤᠪᠴᠢ ᠶᠢᠨ ᠠᠵᠢᠯᠲᠠᠨ ᠤ ᠦᠨᠳᠦᠰᠦᠨ ᠮᠡᠳᠡᠭᠡ ᠵᠠᠩᠭᠢ ᠶᠢ ᠰᠢᠭᠤᠳ ᠣᠶᠢᠯᠠᠭᠠᠵᠤ ᠪᠣᠯᠣᠨ᠎ᠠ᠂ ᠴᠤᠩᠬᠤᠪᠴᠢ ᠶᠢᠨ ᠠᠵᠢᠯᠲᠠᠨ ᠴᠤ ᠰᠢᠭᠤᠳ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠬᠡᠪᠴᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠲᠡᠷᠢᠭᠦᠨ ᠳᠤ ᠣᠶᠢᠯᠠᠭᠠᠵᠤ᠂ ︽ᠬᠤᠣᠰ ᠴᠢᠭᠯᠡᠯ︾ ᠢᠶᠠᠷ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢᠶᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃       ︽ᠳᠤᠭᠤᠢ ᠳ᠋ᠤᠭᠠᠷ ᠳᠠᠭᠤᠳᠠᠬᠤ︾ ᠨᠢ ︽ᠷᠠᠳᠢᠣ᠋ ᠪᠠᠷ ᠳ᠋ᠤᠭᠠᠷ ᠳᠠᠭᠤᠳᠠᠬᠤ︾ ᠱᠤᠤᠭᠢᠶᠠᠨ ᠲᠠᠢ ᠵᠠᠭᠪᠤᠷ  ᠢ ᠣᠷᠣᠯᠠᠭᠰᠠᠨ ᠤ ᠬᠠᠮᠲᠤ᠂ ᠣᠯᠠᠨ ᠴᠤᠩᠬᠤᠪᠴᠢ ᠬᠠᠮᠲᠤ ᠪᠠᠷ ᠳ᠋ᠤᠭᠠᠷ ᠳᠠᠭᠤᠳᠠᠬᠤ᠂ ᠲᠤᠬᠠᠶᠢᠯᠠᠭᠰᠠᠨ ᠠᠵᠢᠯ  ᠢ ᠵᠡᠷᠭᠡ ᠪᠠᠷ ᠥᠷᠨᠢᠭᠦᠯᠬᠦ ᠰᠢᠨ᠎ᠡ ᠴᠢᠭᠯᠡᠯ  ᠢ ᠬᠠᠶᠢᠨ ᠲᠣᠳᠣᠯᠠᠵᠤ᠂ ᠨᠠᠮ ᠰᠡᠯᠡᠭᠦᠨ᠂ ᠲᠠᠭᠠᠯᠠᠮᠵᠢᠲᠠᠢ᠂ ᠪᠣᠯᠪᠠᠰᠤᠨ ᠢᠶᠠᠷ ᠠᠵᠢᠯ ᠶᠠᠪᠤᠳᠠᠯ ᠡᠷᠭᠢᠯᠡᠬᠦ ᠠᠭᠤᠷ ᠠᠮᠢᠰᠬᠤᠯ  ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠷᠭᠦᠯᠵᠢᠯᠡᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠥᠩᠭᠡᠷᠡᠭᠡᠯᠲᠡ ᠠᠴᠠ ᠡᠭᠦᠰᠴᠦ᠂ ︽ᠵᠠᠰᠠᠭ ᠤᠨ ᠶᠠᠪᠤᠳᠠᠯ ᠳᠤ ᠬᠠᠯᠠᠭᠤᠨ ᠳᠤᠯᠠᠭᠠᠨ᠂ ᠠᠵᠢᠯ ᠶᠠᠪᠤᠳᠠᠯ ᠭᠦᠢᠴᠡᠳᠬᠡᠬᠦ ᠳᠤ ᠬᠤᠷᠳᠤᠴᠠ ᠲᠠᠢ︾ ᠭᠡᠬᠦ ᠣᠶᠢᠯᠠᠭᠠᠭᠳᠠᠬᠤᠨ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠶᠢᠵᠢᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠬᠦ ᠶᠠᠪᠤᠳᠠᠯ ᠢ ᠰᠠᠶᠢᠲᠤᠷ ᠬᠢᠵᠦ᠂ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠨᠠᠩ ᠣᠯᠠᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠴᠢᠷᠮᠠᠶᠢᠨ ᠭᠠᠷᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号