ᠴᠢᠩᠱᠠᠨ ᠲᠣᠭᠤᠷᠢᠭ ᠪᠦᠬᠦ ᠲᠤᠭᠤᠷᠢᠭ ᠤᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
      1 ᠰᠠᠷ᠎ᠠ ᠶᠢᠨ 23 ᠤ ᠡᠳᠦᠷ᠂ ᠴᠢᠩᠱᠠᠨ ᠲᠣᠭᠤᠷᠢᠭ ᠪᠥᠬᠦ ᠲᠤᠭᠤᠷᠢᠭ ᠤᠨ ᠰᠦᠯᠵᠢᠶᠡᠨ ᠳᠡᠭᠡᠷᠡᠬᠢ ᠣᠯᠠᠨ ᠲᠦᠮᠡᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠪᠤᠭᠤᠲᠤ ᠬᠤᠳᠠ ᠶᠢᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠢ ᠪᠣᠳᠠᠲᠠᠢ ᠬᠡᠷᠡᠭᠵᠢᠭᠦᠯᠬᠦ ᠭᠤᠣᠯᠳᠠᠯᠭ᠎ᠠ᠂ ᠨᠠᠷᠢᠨ ᠳᠦᠷᠢᠮ ᠢ ᠤᠯᠠᠮᠵᠢᠯᠠᠵᠤ᠂ 2023 ᠣᠨ ᠤ 12 ᠰᠠᠷ᠎ᠠ ᠶᠢᠨ ᠴᠢᠩᠱᠠᠨ ᠲᠣᠭᠤᠷᠢᠭ ᠤᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠮᠠᠨ ᠤ ᠲᠤᠭᠤᠷᠢᠭ ᠤᠨ ᠳᠠᠷᠠᠭᠠᠴᠢ ᠶᠢᠨ ᠠᠯᠬᠤᠮ ᠤᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠠᠢ᠃       ᠬᠤᠷᠠᠯ ᠠᠴᠠ᠂ ᠰᠦᠯᠵᠢᠶ᠎ᠡ ᠪᠠᠷ ᠳᠠᠮᠵᠢᠨ ᠤᠯᠠᠨ ᠲᠦᠮᠡᠨᠴᠢ ᠱᠤᠭᠤᠮ ᠢᠶᠠᠷ ᠵᠠᠮᠨᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠲᠦᠮᠡᠨ ᠤ ᠠᠰᠠᠭᠤᠳᠠᠯ ᠳᠤ ᠬᠠᠷᠢᠭᠤᠯᠲᠠ ᠥᠭᠬᠦ᠂ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠨᠲ᠋ᠧᠷ ᠰᠦᠯᠵᠢᠶ᠎ᠡ ᠶᠢ ᠨᠠᠮ ᠤᠨ ᠰᠡᠳᠬᠢᠯ ᠠᠷᠠᠳ ᠤᠨ ᠰᠡᠳᠬᠢᠯ ᠢ ᠬᠤᠯᠪᠣᠬᠤ ︽ᠲᠦᠷᠭᠡᠨ ᠵᠠᠮ︾ ︽ᠬᠤᠯᠪᠣᠯᠲᠠ ᠶᠢᠨ ᠬᠥᠭᠦᠷᠭᠡ︾ ᠪᠣᠯᠭᠠᠬᠤ ᠬᠡᠷᠡᠭᠲᠡᠢ᠃ ᠪᠦᠬᠦ ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ  ᠬᠠᠮᠢᠭ᠎ᠠ ᠪᠠᠶᠢᠪᠠᠯ ᠨᠠᠮ ᠤᠨ ᠭᠡᠰᠢᠭᠦᠨ ᠤ ᠦᠢᠯᠡᠴᠢᠯᠡᠭᠡ ᠳᠠᠭᠠᠵᠦ ᠪᠠᠶᠢᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠣᠨᠣᠪᠴᠢ ᠶᠢᠨ ᠬᠡᠮᠵᠢᠶ᠎ᠡ ᠪᠠ ᠴᠠᠭ ᠬᠤᠭᠤᠴᠠᠭᠠᠲᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ‌‍ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠵᠡᠭᠡᠯᠢ ᠪᠠᠯᠭᠠᠰᠤ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠦᠯᠵᠢᠶᠡᠨ ᠳᠡᠭᠡᠷᠡᠬᠢ ᠤᠯᠠᠨ ᠲᠦᠮᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠪᠠᠯᠭᠠᠰᠤ ᠶᠢᠨ ᠪᠣᠳᠠᠲᠠᠢ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ︽ᠭᠤᠷᠪᠠᠨ ᠤᠳᠤᠷᠢᠳᠤᠮᠵᠢ︾ ᠶᠢᠨ ᠵᠠᠷᠴᠢᠮ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠣᠯᠠᠨ ᠲᠦᠮᠡᠨ ᠤ ᠠᠵᠢᠯ ᠢ ᠨᠢᠭᠡ ᠵᠦᠢᠯ ᠤᠨ ᠴᠢᠬᠤᠯᠠ ᠡᠭᠦᠷᠭᠡ ᠪᠣᠯᠭᠠᠨ᠂ ᠲᠤᠰᠬᠠᠢ ᠬᠥᠮᠥᠨ ᠲᠣᠮᠢᠯᠠᠨ ᠬᠤᠪᠢᠳᠠᠨ ᠬᠠᠮᠢᠶᠠᠷᠤᠭᠤᠯᠵᠤ᠂ ᠲᠤᠰᠬᠠᠢ ᠬᠥᠮᠥᠨ ᠬᠠᠷᠢᠭᠤᠴᠠᠭᠤᠯᠤᠨ᠂ ᠲᠤᠰᠬᠠᠢ ᠬᠥᠮᠥᠨ ᠢᠶᠠᠷ ᠠᠩᠬᠠᠷᠤᠭᠤᠯᠤᠨ ᠰᠢᠢᠳᠪᠦᠷᠢᠯᠡᠭᠦᠯᠦᠨ᠎ᠡ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠰᠦᠯᠵᠢᠶᠡᠨ ᠳᠡᠭᠡᠷᠡᠬᠢ ᠣᠯᠠᠨ ᠲᠦᠮᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠵᠡᠭᠡᠯᠢ ᠪᠠᠯᠭᠠᠰᠤ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠨᠠᠮ ᠤᠨ ᠠᠵᠢᠯ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠳᠤ ᠣᠷᠣᠭᠤᠯᠵᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠪᠣᠯᠭᠠᠨ᠎ᠠ ᠭᠡᠵᠦ ᠴᠢᠬᠤᠯᠠᠴᠢᠯᠠᠪᠠ᠃       ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠵᠡᠭᠡᠯᠢ ᠪᠠᠯᠭᠠᠰᠤ ᠶᠢᠨ ᠭᠤᠣᠯ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号