ᠴᠢᠩᠱᠠᠨ ᠲᠣᠭᠤᠷᠢᠭ ᠤᠨ ᠰᠣᠶᠣᠯ ᠤᠨ ᠥᠨᠳᠦᠷᠯᠢᠭ ᠢ ᠴᠣᠭᠴᠠᠯᠠᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/1/25
      1 ᠰᠠᠷ᠎ᠠ ᠶᠢᠨ 24 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠴᠢᠩᠱᠠᠨ ᠲᠣᠭᠤᠷᠢᠭ ᠤᠨ ᠰᠣᠶᠣᠯ ᠤᠨ ᠥᠨᠳᠦᠷᠯᠢᠭ ᠢ ᠴᠣᠭᠴᠠᠯᠠᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠢᠩᠱᠠᠨ ᠲᠣᠭᠤᠷᠢᠭ ᠤᠨ ᠰᠣᠶᠣᠯ ᠤᠨ ᠲᠤᠰᠬᠠᠢ ᠮᠡᠷᠭᠡᠵᠢᠯᠲᠡᠨ ᠪᠠ ᠤᠳᠬ᠎ᠠ ᠤᠷᠠᠯᠢᠭ ᠤᠨ ᠡᠲᠡᠭᠡᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠴᠢᠩᠱᠠᠨ ᠲᠣᠭᠤᠷᠢᠭ ᠤᠨ ᠰᠣᠶᠣᠯ ᠤᠨ ᠥᠨᠳᠦᠷᠯᠢᠭ ᠭᠠᠵᠠᠷ ᠢ ᠴᠣᠭᠴᠠᠯᠠᠬᠤ ᠠᠵᠢᠯ ᠤᠨ ᠰᠡᠳᠬᠢᠴᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠤᠰᠬᠠᠢ ᠰᠡᠳᠦᠪ ᠢᠶᠠᠷ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶᠠᠷᠤᠯᠲᠠ ᠶᠢᠨ ᠤᠳᠤᠷᠢᠳᠤᠯᠭ᠎ᠠ ᠵᠢᠴᠢ ᠲᠣᠭᠤᠷᠢᠭ ᠤᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠰᠢᠩ ᠱᠧᠩ ᠪᠠᠯᠭᠠᠰᠤ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠳ᠋ᠢᠩ ᠰᠢᠸ ᠹᠧᠩ ᠱᠦᠵᠢ᠂ ᠸᠠᠩ ᠯᠢᠩ ᠬᠡᠯᠲᠡᠰ ᠤᠨ ᠳᠠᠷᠤᠭ᠎ᠠ  ᠶᠢᠨ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠦᠬᠦ ᠬᠤᠳᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠬ᠎ᠠ ᠤᠷᠠᠯᠢᠭ ᠤᠨ ᠡᠲᠡᠭᠡᠳ ᠠᠴᠠ ᠢᠷᠡᠭᠰᠡᠨ 19 ᠰᠣᠶᠣᠯ ᠤᠨ ᠲᠤᠰᠬᠠᠢ ᠮᠡᠷᠭᠡᠵᠢᠯᠲᠡᠨ᠂ ᠤᠷᠠᠯᠢᠭᠴᠢᠨ ᠴᠢᠩᠱᠠᠨ ᠲᠣᠭᠤᠷᠢᠭ ᠤᠨ ᠣᠨᠴᠠᠯᠢᠭᠲᠤ ᠳᠠᠪᠠᠭᠤᠯᠢᠭ ᠪᠠ ᠲᠤᠰ ᠪᠡᠶ᠎ᠡ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠡᠷᠬᠢᠮ ᠨᠠᠨᠳᠢᠨ ᠰᠠᠨᠠᠭᠤᠯᠭ᠎ᠠ ᠳᠤᠷᠠᠳᠬᠤ ᠶᠢᠨ ᠬᠠᠮᠲᠤ ᠴᠢᠩᠱᠠᠨ ᠲᠣᠭᠤᠷᠢᠭ ᠤᠨ ᠰᠣᠶᠣᠯ ᠤᠨ ᠥᠨᠳᠦᠷᠯᠢᠭ ᠭᠠᠵᠠᠷ ᠢ ᠴᠣᠭᠴᠠᠯᠠᠬᠤ ᠢᠲᠡᠭᠡᠯ ᠵᠣᠷᠢᠭ ᠢᠶᠠᠨ ᠢᠯᠡᠳᠬᠡᠵᠡᠢ᠃       ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠮᠠᠨ ᠤ ᠲᠤᠭᠤᠷᠢᠭ ᠤᠨ ᠭᠡᠷᠡᠯ ᠰᠠᠴᠤᠷᠠᠩᠭᠤᠢ ᠴᠡᠷᠢᠭ ᠤᠨ ᠠᠵᠤ ᠦᠢᠯᠡᠳᠪᠦᠷᠢ ᠶᠢᠨ ᠲᠡᠦᠬᠡ᠂ ᠰᠣᠶᠣᠯ ᠤᠨ ᠡᠬᠢ ᠪᠠᠶᠠᠯᠢᠭ ᠪᠠ ᠠᠵᠤ ᠦᠢᠯᠡᠳᠪᠦᠷᠢ ᠶᠢᠨ ᠲᠣᠭᠤᠷᠢᠭ ᠤᠨ ᠪᠠᠶᠢᠭᠤᠯᠤᠯᠲᠠ ᠶᠢᠨ ᠢᠯᠡ ᠲᠣᠳᠣ ᠣᠨᠴᠠᠯᠢᠭ ᠢ ᠴᠢᠨᠠᠭᠰᠢᠳᠠ ᠭᠦᠨᠵᠡᠭᠡᠢ ᠠᠭᠤᠳᠠᠯᠵᠤ᠂ ᠰᠣᠶᠣᠯ ᠢ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠪᠢᠰᠬᠤᠨ ᠪᠣᠯᠭᠠᠨ᠎ᠠ‌‍ᠭᠡᠵᠦ ᠴᠢᠬᠤᠯᠠᠴᠢᠯᠠᠪᠠ᠃       ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢᠶᠠᠷ ᠢᠳᠡᠪᠬᠢᠲᠡᠢ ᠲᠣᠯᠢ ᠪᠣᠯᠭᠠᠵᠤ᠂ ᠥᠨᠳᠥᠷ ᠲᠦᠪᠰᠢᠨ ᠢᠶᠠᠷ ᠠᠵᠢᠯ ᠤᠨ ᠬᠠᠷᠠᠯᠲᠠ ᠪᠠᠨ ᠲᠥᠯᠥᠪᠵᠢᠭᠦᠯᠦᠨ ᠲᠣᠭᠲᠠᠭᠠᠵᠤ᠂ ᠲᠦᠷᠦᠯ ᠵᠦᠢᠯᠴᠢᠯᠡᠨ ᠬᠡᠷᠡᠭᠵᠢᠭᠦᠯᠵᠦ᠂ ᠨᠠᠷᠢᠨ ᠲᠠᠩᠰᠠᠴᠢᠯᠠᠨ ᠨᠠᠶᠢᠳᠠᠪᠤᠷᠢᠵᠢᠭᠤᠯᠵᠤ᠂ ᠲᠦᠷᠦᠯ ᠵᠦᠢᠯ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠳ᠋ᠦᠩ ᠳ᠋ᠡ ᠱᠠᠨ ᠤᠷᠠᠯᠢᠭ ᠤᠨ ᠲᠣᠭᠤᠷᠢᠭ ᠲᠤ ᠲᠦᠰᠢᠭᠯᠡᠨ ᠬᠥᠭᠵᠢᠮ ᠤᠨ ᠵᠣᠬᠢᠶᠠᠯᠴᠢ᠂ ᠬᠡᠷᠡᠯ ᠵᠢᠷᠤᠭᠴᠢᠳ ᠤᠨ ᠠᠵᠢᠯᠯᠠᠬᠤ ᠲᠠᠰᠤᠭ ᠪᠠᠶᠢᠭᠤᠯᠵᠤ᠂ ᠳᠠᠭᠤᠤ ᠬᠥᠭᠵᠢᠮ ᠤᠨ ᠣᠨᠴᠠᠯᠢᠭᠲᠤ ᠵᠢᠵᠢᠭ ᠪᠠᠯᠭᠠᠰᠤ᠂ ᠬᠡᠷᠡᠯ ᠵᠢᠷᠤᠭ ᠤᠨ ᠵᠢᠵᠢᠭ ᠪᠠᠯᠭᠠᠰᠤᠨ ᠤ ᠲᠥᠷᠥᠯ ᠵᠦᠢᠯ ᠢ ᠳᠠᠶᠢᠴᠢᠯᠠᠨ ᠬᠡᠷᠡᠭᠵᠢᠭᠦᠯᠵᠦ᠂ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠯᠠᠪᠳᠠᠭᠤᠨ ᠢᠶᠠᠷ ᠪᠤᠵᠠᠭᠠᠶᠢᠷᠠᠭᠤᠯᠤᠨ᠂ ᠰᠣᠶᠣᠯ ᠤᠷᠠᠯᠢᠭ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠠᠮᠨᠠᠵᠤ᠂ ᠥᠯᠢᠭᠡᠷ ᠵᠢᠱᠢᠶ᠎ᠡ ᠲᠠᠢ᠂ ᠪᠦᠲᠦᠭᠡᠯᠴᠢ ᠰᠡᠳᠬᠢᠮᠵᠢ ᠲᠠᠢ ︽ᠴᠢᠩᠱᠠᠨ︾ ᠤ ᠬᠤᠲᠠ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃       ᠰᠣᠶᠣᠯ ᠤᠨ ᠥᠨᠳᠦᠷᠯᠢᠭ ᠢ ᠪᠠᠶᠢᠭᠤᠯᠬᠤ ᠶᠢ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠲᠠᠢ ᠤᠶᠠᠯᠳᠤᠭᠤᠯᠵᠤ᠂ ᠡᠨᠡ ᠵᠢᠯ ᠤᠨ ᠠᠵᠢᠯ ᠤᠨ ᠰᠡᠳᠬᠢᠴᠡ ᠶᠢ ᠰᠦᠪᠡᠭᠴᠢᠯᠡᠬᠦ ᠲᠠᠢ ᠤᠶᠠᠯᠳᠤᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠬᠢᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠡᠶᠢᠲᠡᠯᠡᠨ᠂ ᠨᠡᠶᠢᠭᠡᠮ ᠤᠨ ᠣᠷᠤᠯᠴᠠᠯᠭ᠎ᠠ ᠶᠢ ᠥᠷᠭᠡᠳᠬᠡᠵᠦ᠂ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠦᠨᠡᠨᠬᠦ ᠴᠢᠩᠭᠠᠳᠬᠠᠵᠤ᠂ ᠪᠤᠭᠤᠲᠤ ᠶᠢᠨ ᠰᠣᠶᠣᠯ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠰᠢᠨ᠎ᠡ ᠠᠶᠠᠨ ᠵᠠᠮ ᠳᠤ ᠴᠢᠩᠱᠠᠨ ᠤ ᠰᠣᠶᠣᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号