ᠰᠣᠶᠣᠯ ᠤᠨ ᠣᠷᠳᠣᠨ ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/1/25
      2024 ᠣᠨ ᠤ ᠥᠯᠵᠡᠶᠢᠲᠦ ᠡᠳᠦᠷ ᠤᠨ ᠪᠠᠶᠠᠷ ᠤᠨ ᠠᠷᠠᠳ ᠤᠨ ᠵᠡᠭᠡᠯᠢ ᠭᠤᠳᠤᠮᠵᠢ ᠶᠢᠨ ᠤᠷᠠᠨ ᠰᠠᠶᠢᠬᠠᠨ ᠤ ᠲᠣᠭᠯᠠᠯᠲᠠ ᠶᠢᠨ ᠭᠤᠶᠢᠳᠠ ᠰᠠᠶᠢᠬᠠᠨ᠂ ᠲᠣᠭᠯᠠᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠤᠷᠠᠨ ᠰᠠᠶᠢᠬᠠᠨ ᠤ ᠰᠣᠳᠣᠨ ᠪᠦᠲᠦᠭᠡᠯ ᠢ ᠡᠭᠦᠳᠦᠨ ᠪᠦᠲᠦᠭᠡᠬᠦ ᠶᠢᠨ ᠲᠥᠯᠥᠭᠡ᠂ 1 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠡᠯ᠎ᠡ ᠵᠡᠭᠡᠯᠢ ᠪᠠᠯᠭᠠᠰᠤ ᠵᠡᠷᠭᠡ 14 ᠨᠢᠭᠡᠴᠡ ᠶᠢᠨ ᠮᠡᠳᠡᠭᠦᠯᠦᠭᠰᠡᠨ ᠫᠷᠣᠭ᠍ᠷᠠᠮ ᠢ ᠨᠢᠭᠡᠳ ᠨᠢᠭᠡ ᠪᠠᠷ ᠬᠢᠨᠠᠨ ᠪᠠᠶᠢᠴᠠᠭᠠᠵᠤ᠂ ᠲᠣᠭᠯᠠᠯᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠬᠠᠮᠤᠭ ᠤᠨ ᠰᠢᠯᠢᠳᠡᠭ ᠫᠷᠣᠭ᠍ᠷᠠᠮ ᠢ ᠰᠣᠩᠭᠤᠵᠤ ᠬᠤᠲᠠ ᠬᠥᠳᠡᠭᠡ ᠶᠢᠨ ᠦᠵᠡᠭᠴᠢᠳ ᠲᠤ ᠡᠷᠭᠦᠨ᠎ᠡ᠃       ᠲᠣᠭᠯᠠᠯᠲᠠ ᠳᠤ ᠣᠷᠣᠯᠴᠠᠭᠰᠠᠨ ᠡᠯ᠎ᠡ ᠨᠢᠭᠡᠴᠡ ᠶᠢᠨ ᠲᠣᠭᠯᠠᠭᠴᠢᠳ ᠪᠦᠬᠦ ᠬᠦᠴᠦᠨ ᠢᠶᠠᠷ ᠢᠶᠠᠨ ᠳᠡᠯᠭᠡᠨ ᠦᠵᠡᠭᠦᠯᠵᠦ᠂ ᠰᠣᠶᠣᠯ ᠤᠨ ᠣᠷᠳᠣᠨ ᠤ ᠠᠵᠢᠯᠲᠠᠳ ᠬᠢᠨᠠᠨ ᠪᠠᠶᠢᠴᠠᠭᠠᠬᠤ ᠪᠠᠷ ᠳᠡᠮᠵᠢᠨ᠂ ᠡᠯ᠎ᠡ ᠲᠣᠭᠯᠠᠯᠲᠠ  ᠶᠢᠨ ᠠᠭᠤᠯᠭ᠎ᠠ᠂ ᠨᠠᠶᠢᠷᠠᠭᠤᠯᠭ᠎ᠠ ᠪᠠ ᠲᠣᠭᠯᠠᠯᠲᠠ  ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠥᠭᠡᠷᠡᠴᠢᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠡᠯ᠎ᠡ ᠲᠣᠭᠯᠠᠯᠲᠠ  ᠶᠢᠨ ᠨᠢᠭᠡᠴᠡ ᠶᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠴᠢᠨᠠᠷ ᠰᠠᠶᠢᠲᠠᠢ ᠤᠷᠠᠨ ᠰᠠᠶᠢᠬᠠᠨ ᠤ ᠲᠣᠭᠯᠠᠯᠲᠠ ᠪᠠᠷ ᠥᠷᠭᠡᠨ ᠣᠯᠠᠨ ᠬᠤᠲᠠ ᠶᠢᠨ ᠠᠷᠠᠳ ᠲᠤ ᠳᠡᠯᠭᠡᠨ ᠦᠵᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号