ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2024/1/26
      ᠤᠶᠤᠨ ᠤᠬᠠᠭᠠᠨ ᠢ ᠬᠤᠷᠠᠮᠳᠤᠭᠤᠯᠤᠨ ᠰᠠᠶᠢᠨ ᠠᠷᠭ᠎ᠠ ᠪᠣᠳᠣᠯᠭ᠎ᠠ ᠶᠢ ᠳᠡᠪᠰᠢᠭᠦᠯᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠬᠥᠭᠵᠢᠯᠲᠡ ᠶᠢ ᠡᠷᠢᠯᠬᠢᠯᠡᠶ᠎ᠡ᠃ 1 ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ  ᠤᠳᠠᠭᠠᠨ ᠤ ᠬᠤᠷᠠᠯᠳᠤᠭᠠᠨ ᠲᠤᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠬᠤᠷᠠᠯ ᠤᠨ ᠲᠢᠩᠬᠢᠮ ᠳᠤ ᠦᠪᠡᠳᠡᠭᠰᠢ ᠶᠡᠬᠡᠪᠡᠷ ᠡᠬᠢᠯᠡᠪᠡ᠃        ᠪᠦᠬᠦ ᠲᠤᠭᠤᠷᠢᠭ ᠤᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠬᠤᠶᠠᠷ ᠡᠳᠦᠷ ᠤᠨ ᠬᠤᠷᠠᠯ ᠤᠨ ᠬᠤᠭᠤᠴᠠᠭᠠᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠦᠨᠵᠡᠭᠡᠢ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠴᠢᠩᠱᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃       ᠦᠳᠡ ᠶᠢᠨ ᠡᠮᠦᠨᠡᠬᠢ 9 ᠴᠠᠭ ᠲᠤ᠂ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃       ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠭᠡᠰᠢᠭᠦᠨ 203 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 184 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃       ᠬᠤᠲᠠ ᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠳᠤ ᠤᠷᠤᠯᠴᠠᠨ ᠪᠠᠶᠠᠷ ᠬᠦᠷᠭᠡᠪᠡ᠃      ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠴᠢᠤᠸᠠᠨ ᠸᠠᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠮᠦ ᠯᠢᠩ᠂ ᠳᠡᠳ᠋ ᠲᠡᠷᠢᠭᠦᠯᠡᠭᠴᠢ ᠯᠢ ᠾᠧᠩ᠂ ᠬᠤᠶᠠᠭ᠂ ᠵᠠᠩ ᠯᠢ ᠬᠤᠩ᠂ ᠵᠠᠩ ᠯᠢᠩ ᠳ᠋ᠢ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠦᠢ ᠼᠠᠢ ᠹᠧᠩ ᠵᠢᠴᠢ ᠭᠡᠷ ᠲᠡᠭᠡᠨ ᠪᠠᠶᠢᠭ᠎ᠠ ᠲᠣᠭᠤᠷᠢᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠵᠠᠩ ᠯᠢ ᠬᠤᠩ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃       ᠮᠠ ᠴᠢᠤᠸᠠᠨ ᠸᠠᠩ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃       ᠮᠠ ᠴᠢᠤᠸᠠᠨ ᠸᠠᠩ᠄ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠨᠢᠭᠡ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨ᠎ᠡ ᠨᠤᠲᠠᠯᠠᠯᠲᠠ᠂ ᠰᠢᠨ᠎ᠡ ᠪᠠᠶᠢᠷᠢᠯᠠᠭᠤᠯᠤᠯᠲᠠ ᠪᠠ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠲᠠᠯᠪᠢᠭᠰᠠᠨ ᠰᠢᠨ᠎ᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠭᠡᠰᠢᠭᠦᠳ ᠢ ᠳᠠᠭᠠᠭᠤᠯᠤᠨ ᠪᠦᠬᠦ ᠲᠤᠭᠤᠷᠢᠭ ᠤᠨ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ︽ᠬᠤᠣᠰ ᠴᠢᠭᠯᠡᠯ ᠢᠶᠠᠷ ᠬᠦᠴᠦᠯᠡᠬᠦ︾ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠬᠡᠯᠡᠪᠡ᠃       ᠮᠠ ᠴᠢᠤᠸᠠᠨ ᠸᠠᠩ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠣᠨ᠎ᠠ᠂ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ ᠪᠤᠴᠠᠬᠤ ᠵᠠᠩᠭᠢᠯᠠᠭ᠎ᠠ ᠶᠢᠨ ᠵᠢᠯ ᠪᠣᠯᠣᠨ᠎ᠠ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠲᠡᠷᠢᠭᠦᠨ ᠴᠢᠬᠤᠯᠠ ᠡᠭᠦᠷᠭᠡ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠭᠤᠣᠯ ᠬᠠᠷᠢᠭᠤᠴᠠᠯᠭ᠎ᠠ ᠭᠤᠣᠯ ᠠᠵᠢᠯ ᠳᠤ ᠪᠦᠬᠦ ᠲᠠᠯ᠎ᠠ ᠪᠠᠷ ᠲᠤᠤᠱᠯᠠᠭᠤᠯᠬᠤ ᠶᠢᠨ ᠬᠠᠮᠲᠤ ᠪᠠᠶᠢᠩᠭᠤᠵᠢᠭᠤᠯᠵᠤ ᠳᠦᠷᠢᠮᠵᠢᠭᠦᠯᠦᠨ ᠪᠣᠳᠠᠲᠠᠢ ᠳᠤ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ  ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠵᠢᠯᠣᠭᠤᠳᠤᠯᠭ᠎ᠠ ᠪᠠ ᠳᠡᠮᠵᠢᠯᠭᠡ ᠶᠢᠨ ᠳᠣᠣᠷ᠎ᠠ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ︽1234567︾ ᠬᠥᠭᠵᠢᠯᠲᠡ ᠶᠢᠨ ᠬᠠᠷᠠᠯᠲᠠ ᠶᠢ ᠪᠠᠲᠤᠳᠬᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠯᠡᠨ ᠦᠢᠯᠡᠴᠢᠯᠡᠵᠦ᠂ ᠪᠣᠳᠠᠲᠠᠢ ᠶᠢ ᠡᠷᠬᠢᠮᠯᠡᠬᠦ ᠰᠤᠷᠲᠠᠯ  ᠪᠠ ᠰᠢᠯᠢᠳᠡᠭ ᠠᠮᠵᠢᠯᠲᠠ ᠪᠠᠷ ᠢᠶᠠᠨ ᠴᠢᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 40 ᠵᠢᠯ ᠤᠨ ᠤᠢ ᠶᠢ ᠤᠭᠲᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃       ᠵᠠᠩ ᠯᠢᠩ ᠳ᠋ᠢ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ ᠬᠡᠯᠡᠬᠦ ᠳᠡᠭᠡᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠎ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠠ ᠡᠯ᠎ᠡ ᠲᠤᠰᠬᠠᠢ ᠵᠥᠪᠯᠡᠯ ᠢ ᠳᠠᠭᠠᠭᠤᠯᠤᠨ᠂ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠨᠡᠶᠢᠲᠡ 198 ᠬᠤᠪᠢ ᠰᠠᠨᠠᠯ ᠵᠥᠪᠯᠡᠯᠭᠡ ᠳᠡᠪᠰᠢᠭᠦᠯᠵᠦ᠂ 189 ᠬᠤᠪᠢ ᠶᠢ ᠬᠡᠷᠡᠭ ᠪᠣᠯᠭᠠᠨ ᠳᠡᠩᠰᠡᠯᠡᠵᠦ᠂ ᠬᠡᠷᠡᠭ ᠪᠣᠯᠭᠠᠨ ᠳᠡᠩᠰᠡᠯᠡᠭᠰᠡᠨ ᠨᠣᠷᠮ᠎ᠠ 95.4%᠎ ᠳᠤ ᠬᠦᠷᠴᠡᠢ᠃ 180 ᠵᠦᠢᠯ ᠢ ᠰᠢᠢᠳᠪᠦᠷᠢᠯᠡᠭᠰᠡᠨ ᠪᠠ ᠦᠨᠳᠦᠰᠦᠨ ᠳᠡᠭᠡᠨ ᠰᠢᠢᠳᠪᠦᠷᠢᠯᠡᠪᠡ᠂ ᠡᠨᠡ ᠨᠢ 95.3%᠎ ᠶᠢ ᠡᠵᠡᠯᠡᠨ᠎ᠡ᠂ ᠰᠠᠨᠠᠯ ᠵᠥᠪᠯᠡᠯᠭᠡ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100%᠂ ᠬᠠᠨᠤᠮᠵᠢᠲᠠᠶ ᠪᠠᠶᠢᠬᠤ ᠨᠤᠷᠮ᠎ᠠ100%᠃ ᠡᠳᠡᠭᠡᠷ ᠰᠠᠨᠠᠯ ᠵᠥᠪᠯᠡᠯᠭᠡ ᠶᠢᠨ ᠠᠭᠤᠯᠭ᠎ᠠ ᠨᠢ ᠥᠷᠭᠡᠨ ᠳᠡᠯᠭᠡᠷ᠂ ᠰᠠᠨᠠᠭᠤᠯᠭ᠎ᠠ ᠨᠢ ᠭᠦᠨ ᠭᠦᠨᠵᠡᠭᠡᠢ᠂ ᠰᠢᠢᠳᠪᠦᠷᠢᠯᠡᠭᠰᠡᠨ ᠨᠢ ᠬᠦᠴᠦᠲᠡᠢ ᠪᠠᠶᠢᠵᠤ᠂ ᠴᠢᠩᠱᠠᠨ ᠲᠣᠭᠤᠷᠢᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠤᠯᠠᠨ ᠲᠠᠯ᠎ᠠ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号