ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 27᠎ ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠳᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠡᠷᠭᠢᠯᠡᠪᠡ᠃       ᠬᠤᠷᠠᠯ ᠠᠴᠠ᠂ ᠲᠤᠭᠤᠷᠢᠭ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ᠂ ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠲᠤᠭᠤᠷᠢᠭ ᠤᠨ ᠶᠡᠭᠡ ᠲᠠᠯ᠎ᠠ ᠠᠴᠠ ᠡᠭᠦᠰᠴᠦ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠦᠰᠡᠵᠦ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠠᠵᠢᠯ ᠳᠤ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠨᠢᠭᠡᠨᠲᠡ ᠠᠵᠢᠯ ᠤᠨ ᠲᠥᠯᠥᠪᠯᠡᠭᠡ ᠳᠤ ᠣᠷᠣᠭᠤᠯᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠩᠭᠡᠬᠡᠨ ᠠᠪᠬᠤ ᠬᠡᠷᠡᠭᠲᠡᠢ︔ ᠠᠵᠢᠯ ᠤᠨ ᠲᠥᠯᠥᠪᠯᠡᠭᠡ ᠳᠤ ᠣᠷᠣᠭᠤᠯᠤᠭᠰᠠᠨ ᠦᠭᠡᠢ ᠶᠢ ᠨᠢ ᠨᠠᠷᠢᠨ ᠬᠢᠨᠠᠮᠠᠭᠠᠢ ᠰᠤᠳᠤᠯᠵᠤ᠂ ᠠᠵᠢᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠰᠠᠨᠠᠯ ᠰᠠᠨᠠᠭᠤᠯᠭ᠎ᠠ ᠶᠢ ᠲᠥᠯᠥᠪᠯᠡᠭᠡ ᠳᠤ ᠣᠷᠣᠭᠤᠯᠤᠨ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号