ᠪᠠᠢ ᠶᠦᠨ ᠰᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠴᠢᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠵᠢᠴᠢ ᠪᠥᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ᠂ ᠪᠤᠭᠤᠲᠤ ᠬᠤᠳᠠ ᠶᠢᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠤᠷᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃       ᠪᠠᠢ ᠶᠦᠨ ᠰᠢ᠂ ᠡᠨᠡ ᠵᠢᠯ ᠠᠴᠠ ᠨᠠᠰᠢ ᠪᠦᠬᠦ ᠤᠯᠤᠰ ᠤᠨ ᠠᠶᠤᠯᠭᠦᠢ  ᠦᠢᠯᠡᠳᠪᠦᠷᠢᠯᠡᠯ ᠤᠨ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠵᠠᠯᠭᠠᠪᠡᠷ ᠤᠯᠠᠨ ᠭᠠᠷᠴᠤ᠂ ᠲᠤᠶᠢᠯ ᠤᠨ ᠶᠡᠭᠡ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠨ᠎ᠠ᠃ ᠡᠭᠦᠨ ᠤ ᠤᠯᠠᠮ ᠠᠴᠠ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ ᠬᠥᠮᠥᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ᠂ ᠮᠠᠰᠢᠨ ᠲᠡᠷᠭᠡᠨ ᠤ ᠤᠷᠤᠰᠬᠠᠯ ᠶᠠᠭᠠᠷᠠᠯᠲᠠᠢ ᠪᠠᠶᠢᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠯᠠᠨ ᠭᠠᠷᠬᠤ ᠬᠤᠭᠤᠴᠠᠭ᠎ᠠ ᠪᠣᠯᠬᠤ ᠤᠴᠢᠷ ᠠᠴᠠ ᠡᠨᠡᠬᠦ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ ᠭᠡᠵᠦ ᠵᠢᠭᠠᠵᠤ ᠭᠠᠷᠭᠠᠪᠠ᠃       ᠪᠠᠢ ᠶᠦᠨ ᠰᠢ᠂ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠪᠠᠯᠭᠠᠰᠤ᠂ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ ᠤᠳ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ ᠬᠠᠷᠢᠭᠤᠴᠠᠯᠭ᠎ᠠ ᠶᠢ ᠦᠨᠳᠦᠰᠦᠨ ᠱᠠᠲᠤᠨ ᠤ ᠦᠵᠦᠭᠦᠷ ᠲᠤ ᠬᠦᠷᠲᠡᠯ᠎ᠡ ᠳᠠᠮᠵᠢᠭᠤᠯᠵᠤ᠂ ᠬᠥᠮᠥᠨ ᠦᠬᠦᠵᠦ ᠰᠢᠷᠬᠠᠲᠤᠬᠤ ᠦᠭᠡᠢ ᠪᠠ ᠴᠢᠬᠤᠯᠠ ᠶᠡᠭᠡ ᠨᠡᠶᠢᠭᠡᠮ ᠤᠨ ᠨᠥᠯᠥᠭᠡ ᠥᠯᠥ ᠭᠠᠷᠭᠠᠬᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠡᠷᠡᠰ ᠰᠠᠬᠢᠨ᠎ᠠ᠃ ᠡᠯ᠎ᠡ ᠵᠦᠢᠯ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠪᠦᠲᠦᠮᠵᠢᠲᠡᠶ ᠪᠠᠷ ᠠᠷᠭᠠᠴᠠᠵᠤ᠂ ᠡᠨᠡ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠲᠦᠯᠬᠢᠨ ᠠᠬᠢᠭᠤᠯᠤᠨ᠎ᠠ ᠭᠡᠵᠦ ᠱᠠᠭᠠᠷᠳᠠᠭᠰᠠᠨ ᠪᠠᠶᠢᠨ᠎ᠠ᠃       ᠪᠠᠢ ᠶᠦᠨ ᠰᠢ᠂ ᠡᠯ᠎ᠡ ᠵᠡᠭᠡᠯᠢ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠭᠠᠯ  ᠰᠡᠷᠭᠡᠶᠢᠯᠡᠬᠦ ᠠᠮᠤᠷ ᠲᠦᠪᠰᠢᠨ᠂ ᠵᠠᠮ ᠬᠠᠷᠢᠯᠴᠠᠭ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠠᠶᠤᠯᠲᠠᠢ ᠬᠢᠮᠢ ᠶᠢᠨ ᠪᠣᠳᠠᠰ᠂ ᠡᠪᠦᠯ ᠤᠨ ᠤᠯᠠᠷᠢᠯ ᠤᠨ ᠳᠤᠯᠠᠭᠠᠯᠠᠭ᠎ᠠ ᠵᠢᠴᠢ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠨᠡᠭᠦᠷᠡᠰᠦ ᠬᠡᠷᠡᠭᠯᠡᠬᠦ ᠵᠡᠷᠭᠡ ᠭᠤᠣᠯᠳᠠᠯᠭ᠎ᠠ ᠶᠢᠨ ᠲᠣᠭᠤᠷᠢᠨ ᠳᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠶᠠᠮᠠᠷᠪᠠ ᠠᠶᠤᠯ ᠲᠦᠭᠰᠢᠭᠦᠷᠢ ᠶᠢ ᠬᠡᠮ ᠰᠣᠭᠤᠭ ᠪᠣᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠴᠢᠩᠭ᠎ᠠ ᠠᠳᠬᠤᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠦᠴᠦᠲᠡᠢ ᠲᠦᠯᠬᠢᠨ ᠠᠬᠢᠭᠤᠯᠵᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠳ᠋ᠤᠭᠠᠷ ᠢ ᠨᠢ ᠬᠠᠰᠤᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠯ ᠤᠨᠲᠠᠷᠠᠭᠠᠬᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠰᠠᠭᠤᠳᠠᠯ ᠤᠨ ᠲᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠲᠤᠨᠢ ᠤᠰᠠᠳᠬᠠᠬᠤ ᠬᠡᠷᠡᠭᠲᠡᠢ᠃ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠬᠠᠲᠠᠭᠤ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠦᠬᠦ ᠲᠤᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号