ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠬᠤᠶᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 500 ᠬᠥᠮᠥᠨ ᠤ ᠬᠤᠷᠠᠯ ᠤᠨ ᠲᠢᠩᠬᠢᠮ ᠳᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠢᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠤᠨᠤᠰᠴᠦ ᠬᠢᠨᠠᠨ ᠵᠦᠪᠯᠡᠪᠡ᠃       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠶᠢᠩ ᠽᠢ ᠬᠤᠷᠠᠯ ᠢ ᠡᠷᠬᠢᠯᠡᠵᠡᠢ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳ᠋ᠢᠩ ᠺᠠᠢ᠂ ᠯᠢ ᠢᠦᠢ ᠹᠧᠩ᠂ ᠰᠢᠦᠢ ᠼᠠᠢ ᠹᠧᠩ᠂ ᠰᠤᠶᠠᠯᠲᠤ᠂ ᠯᠢᠦ ᠪᠢᠨ ᠬᠤᠸᠠ᠂ ᠶᠦᠨ ᠰᠢᠶᠣᠣ ᠶᠠᠨ᠂ ᠵᠢᠶᠠ ᠰᠢᠶᠣᠣ ᠯᠢᠶᠠᠩ ᠵᠢᠴᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠴᠢᠤᠸᠠᠨ ᠸᠠᠩ ᠬᠤᠷᠠᠯ ᠳᠤ ᠣᠷᠣᠯᠴᠠᠭᠰᠠᠨ ᠪᠥᠭᠡᠳ ᠡᠮᠦᠨ᠎ᠡ ᠮᠥᠷ ᠲᠤ ᠰᠠᠭᠠᠲᠠᠪᠠ᠃       ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 217 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 192 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃       ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠢᠦᠢ ᠹᠧᠩ ᠶᠡᠭᠡ ᠬᠤᠷᠠᠯ ᠳᠤ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠤᠨ ᠮᠡᠳᠡᠭᠦᠯᠦᠯᠲᠡ ᠬᠢᠪᠡ᠃ ᠯᠢ ᠢᠦᠢ ᠹᠧᠩ ᠢᠯᠡᠳᠬᠡᠯ ᠳᠡᠭᠡᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠳᠦᠷᠢᠮ ᠤᠨ ᠳᠠᠪᠠᠭᠤᠯᠢᠭ ᠢ ᠦᠨᠡᠨᠬᠦ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠩᠱᠠᠨ ᠤ ᠰᠢᠨ᠎ᠡ ᠦᠢᠯᠡᠳᠦᠯᠭᠡ ᠶᠢ ᠬᠦᠴᠦᠯᠡᠨ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠪᠡ᠃       ᠨᠢᠭᠡ ᠵᠢᠯ ᠤᠨ ᠲᠤᠷᠰᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠠᠴᠠ ᠠᠵᠢᠭᠯᠠᠵᠤ᠂ ᠤᠯᠤᠰ ᠲᠦᠷᠦ ᠶᠢᠨ ᠵᠠᠷᠴᠢᠮ ᠢ ᠵᠢᠷᠤᠮᠯᠠᠨ ᠭᠦᠢᠴᠡᠳᠬᠡᠵᠦ᠂ ᠤᠯᠤᠰ ᠲᠦᠷᠦ ᠶᠢᠨ ᠦᠷ᠎ᠡ ᠪᠦᠲᠦᠮᠵᠢ ᠶᠢ ᠴᠢᠬᠤᠯᠠᠴᠢᠯᠠᠨ ᠠᠵᠢᠯᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠮᠠᠭᠲᠠ ᠵᠥᠪ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠵᠠᠢ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠳᠡᠩᠰᠡᠯᠡᠵᠦ ᠬᠢᠨᠠᠨ ᠪᠠᠶᠢᠴᠠᠭᠠᠬᠤ᠂ ᠠᠮᠢ ᠠᠬᠤᠢ ᠶᠢᠨ ᠡᠬᠢ ᠪᠠᠶᠠᠯᠢᠭ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠲᠠᠯ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 10 ᠲᠦᠷᠦᠯ ᠵᠦᠢᠯ ᠢ ᠪᠡᠶᠡᠯᠡᠭᠦᠯᠪᠡ︔ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠤᠯᠪᠣᠭᠠᠨ ᠤ ᠦᠷᠳᠡᠭᠡ ᠶᠢ 15 ᠪᠠᠶᠢᠭᠤᠯᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠶᠢᠨ ᠡᠶᠡᠳᠡᠭᠦᠯᠬᠦ ᠲᠠᠰᠤᠭ ᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 19 ᠲᠥᠯᠥᠭᠡᠯᠡᠭᠴᠢ ᠲᠦᠷᠦᠭᠦᠦ ᠪᠦᠯᠦᠭ ᠤᠨ ᠣᠨᠴᠠ ᠤᠷᠢᠭᠰᠠᠨ ᠡᠶᠡᠳᠡᠭᠦᠯᠦᠭᠴᠢ ᠪᠣᠯᠪᠠ︔ 14 ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠠᠵᠢᠯ ᠤᠨ ᠳᠦᠷᠢᠮ ᠪᠠ ︽ᠵᠢᠷᠭᠤᠭᠠᠨ ᠨᠢᠭᠡ︾ ᠶᠢᠨ ᠠᠵᠢᠯᠯᠠᠭ᠎ᠠ ᠶᠢᠨ ᠳᠦᠷᠢᠮ ᠢ ᠪᠠᠶᠢᠭᠤᠯᠤᠨ  ᠲᠡᠭᠦᠯᠳᠡᠷᠵᠢᠭᠦᠯᠵᠦ︔ 117 ᠬᠤᠪᠢ ᠰᠠᠨᠠᠭᠤᠯᠭ᠎ᠠ ᠶᠢ ᠴᠥᠮ ᠲᠣᠭᠲᠠᠭᠰᠠᠨ ᠬᠤᠭᠤᠴᠠᠭᠠᠨ ᠳᠣᠲᠣᠷ᠎ᠠ ᠰᠢᠢᠳᠪᠦᠷᠢᠯᠡᠵᠦ ᠬᠠᠷᠢᠭᠤᠯᠲᠠ ᠥᠭᠴᠦ ᠳᠠᠭᠤᠰᠬᠠᠨ᠂ ᠰᠢᠢᠳᠪᠦᠷᠢᠯᠡᠵᠦ ᠬᠠᠷᠢᠭᠤᠯᠤᠭᠰᠠᠨ ᠨᠣᠷᠮ᠎ᠠ ᠨᠢ 100%᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 93.1%᠂ ᠬᠠᠨᠤᠮᠵᠢᠲᠠᠶ ᠨᠣᠷᠮ᠎ᠠ ᠨᠢ 100% ᠪᠠᠶᠢᠵᠤ᠂ ᠴᠢᠨᠠᠷ ᠰᠠᠶᠢᠲᠠᠢ ᠪᠠᠲᠤᠯᠠᠭ᠎ᠠ ᠶᠢᠨ ᠲᠥᠯᠥᠭᠡᠯᠡᠭᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠨᠠᠷ ᠰᠠᠶᠢᠲᠠᠢ ᠪᠠᠲᠤᠯᠠᠪᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠦᠢᠯᠡᠳᠦᠯᠭᠡᠵᠢᠭᠦᠯᠵᠦ᠂ 13 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ 16 ᠵᠦᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ 13 ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ 5 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠨ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠠᠵᠢᠯ ᠬᠢᠵᠦ ᠦᠷ᠎ᠡ ᠪᠦᠲᠦᠮᠵᠢ ᠣᠯᠵᠤ᠂ ᠥᠨᠳᠥᠷ ᠱᠠᠭᠠᠷᠳᠠᠯᠭ᠎ᠠ ᠪᠠᠷ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠠᠬᠢᠭᠤᠯᠪᠠ᠃       ᠯᠢ ᠢᠦᠢ ᠹᠧᠩ ᠮᠡᠳᠡᠭᠦᠯᠦᠯᠲᠡ ᠳᠡᠭᠡᠨ᠂ 2024 ᠣᠨ ᠪᠣᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠪᠣᠯᠣᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠨᠡᠮᠡᠷᠢᠯᠡᠨ᠎ᠡ᠃ ᠡᠭᠦᠨ ᠢᠶᠠᠷ ᠬᠠᠷᠠᠯᠲᠠ ᠪᠣᠯᠭᠠᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠦᠴᠦᠨ ᠢᠶᠠᠨ ᠲᠥᠪᠯᠡᠷᠡᠭᠦᠯᠦᠨ ᠲᠦᠷᠪᠡᠨ ᠵᠦᠢᠯ ᠤᠨ ᠠᠵᠢᠯ ᠢ ᠰᠠᠶᠢᠲᠤᠷ ᠬᠢᠬᠦ ᠪᠣᠯᠣᠨ᠎ᠠ᠄ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠨ ᠢᠶᠠᠨ ᠳᠠᠬᠢᠨᠲᠠ ᠲᠥᠪᠯᠡᠷᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠤᠬᠠᠮᠰᠠᠷ ᠠᠴᠠ ᠪᠠᠨ ᠡᠷᠡᠰ ᠪᠠᠲᠤ ᠪᠠᠶᠢᠬᠤ ᠶᠢ ᠠᠬᠢᠭᠤᠯᠤᠨ᠎ᠠ︔ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠲᠠᠯ᠎ᠠ ᠪᠠᠷ ᠲᠠᠬᠢᠨ ᠬᠦᠴᠦᠯᠡᠵᠦ᠂ ᠡᠯ᠎ᠡ ᠵᠦᠢᠯ ᠤᠨ ᠬᠢᠨᠠᠯᠲᠠ ᠲᠠᠯᠪᠢᠬᠤ ᠠᠵᠢᠯ ᠢ ᠭᠦᠨᠵᠡᠭᠡᠢ ᠪᠥᠭᠡᠳ ᠪᠣᠳᠠᠲᠠᠢ ᠬᠢᠬᠦ ᠶᠢ ᠠᠬᠢᠭᠤᠯᠤᠨ᠎ᠠ︔ ᠠᠷᠠᠳ ᠲᠦᠮᠡᠨ ᠤ ᠲᠦᠯᠦᠭᠡ᠂ ᠠᠷᠠᠳ ᠲᠦᠮᠡᠨ ᠳᠤ ᠲᠦᠰᠢᠭᠯᠡᠬᠦ᠂ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠲᠠᠬᠢᠨ ᠬᠦᠴᠦᠯᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ  ᠪᠠᠲᠤᠯᠠᠨ᠎ᠠ︔ ᠤᠯᠤᠰ ᠲᠦᠷᠦ ᠶᠢᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠯᠢ ᠢᠦᠢ ᠹᠧᠩ ᠮᠡᠳᠡᠭᠦᠯᠦᠯᠲᠡ ᠳᠡᠭᠡᠨ᠂ ᠰᠢᠨ᠎ᠡ ᠨᠢᠭᠡᠨ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠭᠦᠨ ᠵᠤᠵᠠᠭᠠᠨ ᠠᠷᠠᠳ ᠤᠨ ᠲᠥᠯᠥᠭᠡ ᠵᠢᠳᠬᠦᠬᠦ ᠰᠡᠳᠬᠢᠯᠭᠡ᠂ ᠨᠡᠩ ᠴᠢᠩᠭ᠎ᠠ ᠡᠭᠦᠷᠭᠡ ᠬᠠᠷᠢᠭᠤᠴᠠᠯᠭ᠎ᠠ ᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ  ᠴᠢᠩᠱᠠᠨ ᠤ ᠰᠢᠨ᠎ᠡ ᠬᠠᠭᠤᠳᠠᠰᠤ ᠶᠢ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠵᠢᠭᠠᠵᠤ ᠭᠠᠷᠭᠠᠪᠠ᠃       ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠭᠦᠸᠧ ᠴᠤᠤ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠭᠦᠸᠧ ᠴᠤᠤ ᠮᠡᠳᠡᠭᠦᠯᠦᠯᠲᠡ ᠳᠡᠭᠡᠨ᠂ 2023 ᠣᠨ ᠳᠤ᠂ ᠴᠢᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠳᠤᠮᠳᠠᠳᠤ   ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠤᠶ ᠪᠣᠯᠭᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠦᠴᠦᠲᠡᠢ ᠵᠢᠯᠣᠭᠤᠳᠤᠯᠭ᠎ᠠ ᠳᠣᠣᠷ᠎ᠠ᠂ ︽ᠲᠥᠪ ᠭᠤᠥᠯᠴᠢ ᠬᠢᠭᠡᠳ ᠦᠷ᠎ᠡ ᠪᠦᠲᠦᠮᠵᠢ ᠲᠠᠢ ᠪᠠᠶᠢᠬᠤ︾ ᠠᠵᠢᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠥᠯᠴᠢ ᠪᠠᠷ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠠᠵᠢᠯ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠪᠠ᠃ 2023 ᠣᠨ ᠳᠤ᠂ ᠪᠦᠬᠦ ᠬᠤᠷᠢᠶᠠᠨ ᠤ ᠬᠦᠯᠢᠶᠡᠨ ᠠᠪᠴᠤ ᠰᠢᠢᠳᠪᠦᠷᠢᠯᠡᠭᠰᠡᠨ ᠡᠯ᠎ᠡ ᠲᠦᠷᠦᠯ ᠤᠨ ᠬᠡᠷᠡᠭ 11260 ᠬᠤᠪᠢ ᠪᠠᠶᠢᠵᠤ᠂ ᠰᠢᠭᠦᠭᠰᠡᠨ ᠪᠠ ᠭᠦᠢᠴᠡᠳᠬᠡᠵᠦ ᠳᠠᠭᠤᠰᠬᠠᠭᠰᠠᠨ ᠬᠡᠷᠡᠭ 10144 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 0.18% ᠪᠠ 3.28% ᠪᠠᠷ ᠨᠡᠮᠡᠭᠳᠡᠵᠦ᠂ ᠰᠢᠭᠦᠵᠦ ᠳᠠᠭᠤᠰᠬᠠᠭᠰᠠᠨ ᠨᠤᠷᠮ᠎ᠠ ᠨᠢ 90.09% ᠪᠠᠶᠢᠵᠤ᠂ ᠬᠠᠤᠯᠢ ᠪᠠᠷ ᠲᠣᠭᠲᠠᠭᠠᠭᠰᠠᠨ ᠰᠢᠭᠦᠬᠦ ᠬᠤᠭᠤᠴᠠᠭᠠᠨ ᠳᠤ ᠰᠢᠭᠦᠵᠦ ᠳᠠᠭᠤᠰᠬᠠᠭᠰᠠᠨ ᠨᠤᠷᠮ᠎ᠠ ᠨᠢ 96.11% ᠪᠠᠶᠢᠵᠤ᠂ ᠨᠢᠭᠡᠳᠦᠭᠡᠷ ᠹᠷᠣᠨᠲ ᠤᠨ ᠠᠵᠢᠯᠲᠠᠨ ᠤ ᠲᠤᠭ᠎ᠠ ᠶᠢᠨ ᠬᠠᠤᠯᠢ ᠶᠢᠨ ᠲᠤᠰᠢᠶᠠᠯᠲᠠᠨ ᠵᠢᠯ ᠳᠤ ᠬᠥᠮᠥᠨ ᠳᠤᠮᠳᠠᠴᠢ ᠪᠠᠷ 266.94 ᠬᠤᠪᠢ ᠬᠡᠷᠡᠭ ᠢ ᠰᠢᠢᠳᠪᠦᠷᠢᠯᠡᠵᠦ ᠳᠠᠭᠤᠰᠬᠠᠪᠠ ᠭᠡᠵᠦ ᠵᠢᠭᠠᠵᠤ ᠭᠠᠷᠭᠠᠪᠠ᠃       ᠮᠡᠳᠡᠭᠦᠯᠦᠯᠲᠡ ᠳᠤ᠂ ᠭᠦᠸᠧ ᠴᠤᠤ ᠲᠤᠯᠤᠭᠠᠨ ᠲᠠᠯ᠎ᠠ ᠠᠴᠠ 2023 ᠣᠨ ᠤ ᠭᠤᠣᠯ ᠠᠵᠢᠯ ᠢ ᠳ᠋ᠦᠩᠨᠡᠪᠡ᠄ ᠨᠢᠭᠡ ᠳᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ︔ ᠬᠤᠶᠠᠷ ᠲᠤ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ  ᠴᠢᠩᠭᠠᠳᠬᠠᠪᠠ︔ ᠭᠤᠷᠪᠠ ᠳᠤ ᠭᠦᠢᠴᠡᠳᠬᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠬᠠᠤᠯᠢ ᠪᠠᠷᠢᠬᠤ ᠡᠷᠴᠢᠮ ᠤᠨ ᠬᠡᠮᠵᠢᠶ᠎ᠡ ᠶᠢ ᠢᠯᠡᠷᠡᠭᠦᠯᠪᠡ︔ ᠳᠥᠷᠪᠡ ᠳᠤ᠂ ᠦᠢᠯᠡᠴᠢᠯᠡᠭᠡᠨ ᠤ ᠲᠥᠪ ᠤᠨ ᠠᠵᠢᠯ ᠳᠤ ᠦᠢᠯᠡᠴᠢᠯᠡᠵᠦ᠂ ᠠᠷᠠᠳ ᠤᠨ ᠲᠥᠯᠥᠭᠡ ᠬᠠᠤᠯᠢ ᠪᠠᠷᠢᠬᠤ ᠣᠶᠢᠯᠠᠭᠠᠭᠳᠠᠬᠤᠨ ᠢ  ᠦᠢᠯᠡᠳᠦᠯᠭᠡᠵᠢᠭᠦᠯᠪᠡ︔ ᠲᠠᠪᠤ ᠳᠤ᠂ ᠴᠢᠳᠠᠮᠠᠭᠠᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠵᠠᠷᠭᠤ ᠶᠢᠨ ᠢᠷᠡᠯᠲᠡ ᠶᠢ ᠵᠠᠰᠠᠬᠤ  ᠴᠢᠨᠠᠷ ᠢ ᠴᠢᠩᠭᠠᠳᠬᠠᠬᠤ ᠬᠦᠴᠦᠨ ᠤᠯᠭᠤᠪᠠ︔ ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠭᠠᠷᠠᠭᠰᠠᠨ ᠰᠢᠭᠦᠬᠦ ᠬᠤᠷᠢᠶᠠᠨ ᠤ ᠡᠩᠨᠡᠭᠡ ᠶᠢ ᠪᠠᠶᠢᠭᠤᠯᠪᠠ︔ ᠲᠤᠯᠤᠭ᠎ᠠ ᠳᠤ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃       ᠭᠦᠸᠧ ᠴᠤᠤ ᠮᠡᠳᠡᠭᠦᠯᠦᠯᠲᠡ ᠳᠡᠭᠡᠨ᠂ 2024 ᠣᠨ ᠤ ᠴᠢᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠲᠥᠪ ᠭᠤᠥᠯᠴᠢ ᠬᠢᠭᠡᠳ ᠦᠷ᠎ᠡ ᠪᠦᠲᠦᠮᠵᠢ︾ ᠶᠢᠨ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ ᠶᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠰᠢᠭᠦᠨ ᠲᠠᠰᠤᠯᠬᠤ ᠣᠨᠣᠯᠵᠢᠬᠤᠨ᠂ ᠰᠢᠭᠦᠨ ᠲᠠᠰᠤᠯᠬᠤ ᠲᠣᠭᠲᠠᠴᠠ᠂ ᠰᠢᠭᠦᠨ ᠲᠠᠰᠤᠯᠬᠤ ᠰᠢᠰᠲ᠋ᠧᠮᠵᠢ᠂ ᠰᠢᠭᠦᠨ ᠲᠠᠰᠤᠯᠬᠤ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠭᠦᠬᠦ ᠬᠤᠷᠢᠶ᠎ᠠ ᠶᠢᠨ ᠬᠦᠴᠦᠨ ᠴᠢᠳᠠᠯ ᠢᠶᠠᠨ ᠡᠷᠭᠦᠨ᠎ᠡ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ᠂ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ᠂ ᠰᠢᠭᠦᠬᠦ ᠪᠠ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠵᠠᠷᠭᠤ ᠶᠢᠨ ᠢᠷᠡᠯᠲᠡ ᠶᠢᠨ ᠵᠠᠰᠠᠯᠲᠠ ᠶᠢ ᠭᠦᠨᠵᠡᠭᠡᠶᠢᠷᠡᠭᠦᠯᠬᠦ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠬᠤ᠂ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠬᠦ᠂ ᠢᠯᠡ ᠪᠠᠷ ᠬᠠᠤᠯᠢ ᠪᠠᠷᠢᠬᠤ ᠶᠢ ᠪᠠᠷᠢᠮᠲᠠᠯᠠᠬᠤ᠂ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠵᠡᠷᠭᠡ ᠲᠠᠪᠤᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠡ ᠭᠡᠵᠦ ᠢᠯᠡᠳᠭᠡᠪᠡ᠃       ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠦᠸᠧ ᠰᠢᠨ ᠵᠥᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠭᠦᠸᠧ ᠰᠢᠨ ᠵᠥᠩ ᠮᠡᠳᠡᠭᠦᠯᠦᠯᠲᠡ ᠳᠡᠭᠡᠨ᠂ 2023 ᠣᠨ ᠳᠤ᠂ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠨᠢ ᠲᠣᠭᠤᠷᠢᠭ ᠤᠨ ᠨᠠᠮ ᠤᠨ ᠬᠤᠷᠢᠶ᠎ᠠ  ᠪᠠ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠠᠭᠤᠰᠤᠯᠴᠠᠵᠤ᠂ ᠡᠯ᠎ᠡ ᠵᠦᠢᠯ ᠤᠨ ᠪᠠᠶᠢᠴᠠᠭᠠᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃ 2023 ᠣᠨ ᠳᠤ᠂ ᠲᠣᠭᠤᠷᠢᠭ ᠤᠨ ᠪᠠᠶᠢᠴᠠᠭᠠᠬᠤ ᠬᠤᠷᠢᠶ᠎ᠠ 251 ᠬᠥᠮᠥᠨ ᠢ ᠪᠠᠷᠢᠪᠴᠢᠯᠠᠬᠤ ᠶᠢ ᠵᠥᠪᠰᠢᠶᠡᠷᠡᠵᠦ᠂ 524 ᠬᠥᠮᠥᠨ ᠳᠤ ᠠᠯᠪᠠᠨ ᠵᠠᠭᠠᠯᠳᠤᠯᠭ᠎ᠠ ᠬᠢᠵᠦ᠂ ᠱᠠᠯᠢᠭ ᠵᠠᠪᠬᠠᠢ ᠵᠦᠢᠯ᠂ ᠵᠣᠭᠤᠰ ᠮᠥᠷᠥᠶᠢᠴᠡᠭᠰᠡᠨ᠂ ᠬᠤᠣᠷᠲᠤ ᠡᠳ᠋ ᠫᠠᠨᠽᠠᠯᠠᠭᠰᠠᠨ ᠶᠠᠯᠠᠲᠤ ᠠᠵᠢᠯᠯᠠᠭ᠎ᠠ ᠬᠢᠭᠰᠡᠨ 42 ᠬᠥᠮᠥᠨ ᠳᠤ ᠴᠢᠩᠭ᠎ᠠ ᠴᠣᠬᠢᠯᠲᠠ ᠥᠭᠴᠦ᠂ ᠮᠡᠬᠡᠯᠡᠭᠰᠡᠨ᠂ ᠬᠤᠯᠠᠭᠠᠶᠢᠯᠠᠭᠰᠠᠨ᠂ ᠪᠤᠯᠢᠶᠠᠭᠰᠠᠨ ᠵᠡᠷᠭᠡ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 335 ᠬᠥᠮᠥᠨ ᠳᠤ ᠤᠨᠢᠨ ᠳᠡᠭᠡᠷ᠎ᠡ ᠨᠢ ᠴᠣᠬᠢᠯᠲᠠ ᠥᠭᠴᠦ᠂ ᠬᠠᠷᠭᠢᠰ ᠬᠦᠴᠦᠨ ᠳᠤ ᠬᠤᠯᠪᠣᠭᠳᠠᠵᠤ ᠪᠠᠷᠢᠪᠴᠢᠯᠠᠬᠤ ᠶᠢ ᠵᠥᠪᠰᠢᠶᠡᠷᠡᠭᠰᠡᠨ ᠬᠡᠷᠡᠭ 1 ᠬᠡᠷᠡᠭ 6 ᠬᠥᠮᠥᠨ ᠢ ᠬᠦᠯᠢᠶᠡᠨ ᠠᠪᠴᠤ ᠰᠢᠢᠳᠪᠦᠷᠢᠯᠡᠵᠡᠢ᠃ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠵᠤ ᠵᠠᠭᠠᠯᠳᠤᠭᠰᠠᠨ 1 ᠬᠡᠷᠡᠭ 97 ᠬᠥᠮᠥᠨ ᠢ ᠬᠦᠯᠢᠶᠡᠨ ᠠᠪᠴᠤ ᠰᠢᠢᠳᠪᠦᠷᠢᠯᠡᠵᠦ᠂ ᠶᠠᠯᠠᠲᠤ ᠬᠦᠴᠦᠨ ᠳᠤ ᠬᠤᠯᠪᠣᠭᠳᠠᠭᠰᠠᠨ 3 ᠬᠡᠷᠡᠭ 21 ᠬᠥᠮᠥᠨ ᠳᠤ ᠠᠯᠪᠠᠨ ᠵᠠᠭᠠᠯᠳᠤᠯᠭ᠎ᠠ ᠬᠢᠵᠦ᠂ ᠳᠡᠭᠡᠳᠦ ᠱᠠᠲᠤᠨ ᠤ ᠬᠤᠷᠢᠶᠠᠨ ᠤ ᠲᠤᠰᠢᠶᠠᠨ ᠰᠢᠢᠳᠪᠦᠷᠢᠯᠡᠭᠦᠯᠦᠭᠰᠡᠨ ᠪᠠ ᠬᠢᠨᠠᠨ ᠪᠠᠶᠢᠴᠠᠭᠠᠬᠤ ᠵᠥᠪᠯᠡᠯ ᠤᠨ ᠰᠢᠯᠵᠢᠭᠦᠯᠦᠨ ᠬᠦᠷᠭᠡᠭᠰᠡᠨ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠡᠷᠬᠡ ᠲᠤᠰᠢᠶᠠᠯ ᠢᠶᠠᠨ ᠠᠰᠢᠭᠯᠠᠨ ᠬᠢᠭᠰᠡᠨ 5 ᠬᠡᠷᠡᠭ 7 ᠬᠥᠮᠥᠨ ᠢ ᠰᠢᠢᠳᠪᠦᠷᠢᠯᠡᠵᠦ᠂ ᠪᠤᠵᠠᠷ ᠵᠣᠭᠤᠰ ᠢ 800 ᠭᠠᠷᠤᠢ ᠲᠦᠮᠡᠨ ᠲᠥᠭᠦᠷᠢᠭ ᠨᠡᠬᠡᠮᠵᠢᠯᠡᠨ ᠬᠤᠷᠢᠶᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠬᠤᠯᠪᠣᠭᠳᠠᠭᠰᠠᠨ 218 ᠶᠠᠯᠠᠲᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠪᠢᠷᠮᠠ ᠶᠢᠨ ᠬᠤᠶᠢᠲᠤ ᠬᠡᠰᠡᠭ ᠤᠨ ᠤᠯᠤᠰ ᠤᠨ ᠬᠢᠯᠢ ︵ᠬᠢᠵᠠᠭᠠᠷ︶ ᠶᠢ ᠬᠤᠯᠠᠭᠤᠨ ᠳᠠᠪᠠᠭᠰᠠᠨ ᠵᠢᠴᠢ ᠮᠡᠬᠡᠯᠡᠭᠰᠡᠨ 51 ᠬᠡᠷᠡᠭ 71 ᠬᠥᠮᠥᠨ ᠢ ᠪᠠᠷᠢᠪᠴᠢᠯᠠᠬᠤ ᠶᠢ ᠵᠥᠪᠰᠢᠶᠡᠷᠡᠪᠡ᠃ 448 ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ᠂ 226 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠶᠢ 100% ᠳᠤ ᠬᠦᠷᠭᠡᠵᠡᠢ᠃ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ 30 ᠰᠢᠢᠳᠪᠦᠷᠢᠯᠡᠵᠦ᠂ 47.5 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠪᠠ᠃ ᠢᠷᠭᠡᠨ ᠤ ᠬᠡᠷᠡᠭ ᠤᠨ ᠬᠦᠴᠦᠨ ᠲᠠᠢ ᠪᠣᠯᠤᠭᠰᠠᠨ ᠲᠠᠰᠣᠯᠣᠨ ᠲᠣᠭᠲᠠᠭᠠᠯᠲᠠ ᠳᠤ ᠬᠢᠨᠠᠯᠲᠠ ᠲᠠᠯᠪᠢᠬᠤ 11 ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ 1 ᠬᠡᠷᠡᠭ ᠢ ᠡᠰᠡᠷᠭᠦᠴᠡᠨ ᠵᠠᠭᠠᠯᠳᠤᠭᠤᠯᠬᠤ ᠪᠠᠷ ᠳᠡᠪᠰᠢᠭᠦᠯᠵᠦ᠂ 10 ᠬᠡᠷᠡᠭ ᠢ ᠲᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠢᠷᠭᠡᠨ ᠤ ᠬᠡᠷᠡᠭ ᠤᠨ ᠰᠢᠭᠦᠨ ᠲᠠᠰᠤᠯᠬᠤ ᠵᠢᠷᠤᠮ ᠳᠤ ᠬᠢᠨᠠᠯᠲᠠ ᠲᠠᠯᠪᠢᠬᠤ 19 ᠬᠡᠷᠡᠭ᠂ ᠢᠷᠭᠡᠨ ᠤ ᠬᠡᠷᠡᠭ ᠤᠨ ᠭᠦᠢᠴᠡᠳᠬᠡᠬᠦ ᠵᠢᠷᠤᠮ ᠳᠤ ᠬᠢᠨᠠᠯᠲᠠ ᠲᠠᠯᠪᠢᠬᠤ 17 ᠬᠡᠷᠡᠭ᠂ ᠵᠠᠭᠠᠯᠳᠤᠯᠭ᠎ᠠ ᠶᠢ ᠳᠡᠮᠵᠢᠬᠦ 7 ᠬᠡᠷᠡᠭ ᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ 105 ᠬᠤᠪᠢ ᠰᠢᠢᠳᠪᠦᠷᠢᠯᠡᠵᠦ᠂ 93 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ 12 ᠬᠤᠪᠢ ᠵᠥᠪᠳᠡᠯᠴᠡᠨ ᠳᠠᠭᠤᠰᠬᠠᠭᠰᠠᠨ ᠬᠡᠷᠡᠭ ᠢ ᠵᠥᠪᠳᠡᠯᠴᠡᠨ ᠳᠠᠭᠤᠰᠬᠠᠵᠤ᠂ 2 ᠬᠤᠪᠢ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ ᠶᠣᠰᠣᠭᠠᠷ ᠳᠤᠷᠠᠳᠤᠨ ᠭᠠᠷᠭᠠᠪᠠ ᠭᠡᠵᠦ ᠵᠢᠭᠠᠵᠤ ᠭᠠᠷᠭᠠᠪᠠ᠃       ᠮᠡᠳᠡᠭᠦᠯᠦᠯᠲᠡ ᠳᠤ᠂ ᠭᠦᠸᠧ ᠰᠢᠨ ᠵᠦᠩ ᠲᠦᠷᠪᠡᠨ ᠲᠠᠯ᠎ᠠ ᠠᠴᠠ 2023 ᠣᠨ ᠤ ᠭᠤᠣᠯ ᠠᠵᠢᠯ ᠢ ᠳ᠋ᠦᠩᠨᠡᠪᠡ᠄ ᠨᠢᠭᠡ ᠳᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ ᠶᠢᠨ ︽ᠠᠶᠠᠯᠠᠯ ᠤᠨ ᠬᠠᠮᠠᠭᠠᠯᠠᠭᠴᠢ︾ ᠶᠢ ᠰᠠᠶᠢᠲᠦᠷ ᠬᠢᠪᠡ︔ ᠬᠤᠶᠠᠷ ᠲᠤ ᠤᠯᠠᠨ ᠲᠦᠮᠡᠨ ᠤ ᠬᠡᠷᠡᠭᠴᠡᠭᠡ ᠪᠠᠷ ᠭᠤᠣᠯᠯᠠᠭᠤᠯᠤᠨ᠂ ᠠᠷᠠᠳ ᠤᠨ ᠲᠥᠯᠥᠭᠡ ᠬᠠᠤᠯᠢ ᠪᠠᠷᠢᠬᠤ ︽ᠦᠢᠯᠡᠳᠦᠯᠭᠡᠵᠢᠭᠦᠯᠦᠭᠴᠢ︾ ᠶᠢ ᠰᠠᠶᠢᠲᠦᠷ ᠬᠢᠪᠡ︔ ᠭᠤᠷᠪᠠ ᠳᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠡᠷᠡᠭ ᠰᠢᠢᠳᠪᠦᠷᠢᠯᠡᠬᠦ ᠴᠢᠨᠠᠷ ᠰᠠᠶᠢᠲᠠᠢ ︽ᠭᠦᠢᠴᠡᠳᠭᠡᠭᠴᠢ︾ ᠶᠢ ᠰᠠᠶᠢᠲᠦᠷ ᠬᠢᠪᠡ︔ ᠳᠥᠷᠪᠡ ᠳᠤ᠂ ᠨᠠᠮ ᠢ ᠴᠢᠩᠭ᠎ᠠ ᠵᠠᠰᠠᠬᠤ ᠪᠠᠷ ᠭᠤᠣᠯᠳᠠᠭᠤᠯᠵᠤ᠂ ᠲᠥᠪ ᠭᠤᠣᠯᠴᠢ ᠰᠢᠳᠤᠷᠭᠤ ᠶᠣᠰᠣᠨ ᠤ ︽ᠰᠠᠬᠢᠨ ᠬᠠᠮᠠᠭᠠᠯᠠᠭᠴᠢ︾  ᠶᠢ ᠰᠠᠶᠢᠲᠦᠷ ᠬᠢᠪᠡ᠃       ᠭᠦᠸᠧ ᠰᠢᠨ ᠵᠥᠩ ᠮᠡᠳᠡᠭᠦᠯᠦᠯᠲᠡ ᠳᠡᠭᠡᠨ᠂ 2024 ᠣᠨ ᠳᠤ᠂ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠷᠠᠯᠲᠠ ᠪᠠᠨ ᠲᠣᠭᠲᠠᠭᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠡᠭᠦᠳᠬᠦ ᠳᠤ ᠪᠠᠶᠢᠴᠠᠭᠠᠬᠤ ᠠᠵᠢᠯ ᠤᠨ ᠰᠢᠨ᠎ᠡ ᠬᠤᠪᠢ ᠨᠡᠮᠡᠷᠢ ᠦᠵᠡᠭᠦᠯᠦᠨ᠎ᠡ᠃ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠶᠢ ᠬᠦᠴᠦᠯᠡᠨ ᠪᠠᠷᠢᠮᠲᠠᠯᠠᠵᠤ᠂ ᠨᠠᠩ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠨᠡᠶᠢᠭᠡᠮ ᠤᠨ ᠲᠣᠭᠲᠠᠭᠤᠨ ᠬᠥᠭᠵᠢᠯᠲᠡ ᠶᠢ ᠬᠠᠮᠠᠭᠠᠯᠠᠨ᠎ᠠ︔ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠨᠡᠩ ᠴᠢᠩᠭ᠎ᠠ ᠦᠢᠯᠡᠴᠢᠯᠡᠭᠡᠨ ᠤ ᠬᠠᠷᠢᠭᠤᠴᠠᠯᠭ᠎ᠠ ᠪᠠᠷ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ︔ ᠲᠦᠷᠦᠯ ᠲᠡᠮᠳᠡᠭ ᠢ ᠱᠤᠭᠤᠬᠤ᠂ ᠬᠢᠯᠠᠰ ᠴᠡᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠨᠡᠩ ᠴᠢᠩᠭ᠎ᠠ ᠠᠵᠢᠯᠯᠠᠭᠠᠨ ᠤ ᠬᠠᠷᠢᠭᠤᠴᠠᠯᠭ᠎ᠠ ᠪᠠᠷ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ  ᠳᠡᠭᠡᠭᠰᠢᠯᠡᠭᠦᠯᠦᠨ᠎ᠡ︔ ᠬᠡᠪ ᠴᠢᠨᠠᠷ ᠢ ᠳᠡᠭᠡᠭᠰᠢᠯᠡᠭᠦᠯᠬᠦ᠂ ᠳᠦᠷᠢ ᠲᠥᠷᠬᠦ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠨᠡᠩ ᠬᠦᠴᠦᠷᠬᠡᠭ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠪᠠᠷ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠵᠡᠷᠭᠡ ᠲᠦᠷᠪᠡᠨ ᠲᠠᠯ᠎ᠠ ᠪᠠᠷ ᠪᠦᠬᠦ ᠵᠢᠯ ᠤᠨ ᠠᠵᠢᠯ ᠢᠶᠠᠨ ᠰᠠᠶᠢᠲᠤᠷ ᠬᠢᠨ᠎ᠡ ᠭᠡᠵᠦ ᠢᠯᠡᠳᠭᠡᠪᠡ᠃       ᠶᠡᠭᠡ ᠬᠤᠷᠠᠯ  ᠠᠴᠠ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠣᠩᠭᠤᠭᠤᠯᠢ  ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ  ᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠥᠯ︶ ᠶᠢ ᠪᠠᠲᠤᠯᠠᠪᠠ᠃       ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠰᠤᠯᠠ ᠣᠷᠣᠯᠴᠠᠭᠰᠠᠳ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠡᠰᠡᠭ ᠰᠢᠭᠦᠬᠦ ᠲᠤᠰᠢᠶᠠᠯᠲᠠᠨ᠂ ᠠᠷᠠᠳ ᠤᠨ ᠪᠠᠶᠢᠴᠠᠭᠠᠬᠤ ᠬᠤᠷᠢᠶᠠᠨ ᠤ ᠬᠡᠰᠡᠭ ᠪᠠᠶᠢᠴᠠᠭᠠᠬᠤ ᠲᠤᠰᠢᠶᠠᠯᠲᠠᠨ ᠬᠤᠷᠠᠯᠳᠤᠭᠠᠨ ᠳᠤ ᠣᠷᠣᠯᠴᠠᠪᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号