ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠳᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠡᠷᠭᠢᠯᠡᠪᠡ᠃       ᠬᠤᠷᠠᠯ ᠠᠴᠠ᠂ ᠲᠤᠭᠤᠷᠢᠭ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠲᠤᠭᠤᠷᠢᠭ ᠤᠨ ᠶᠡᠭᠡ ᠲᠠᠯ᠎ᠠ ᠠᠴᠠ ᠡᠭᠦᠰᠴᠦ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠦᠰᠡᠵᠦ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠠᠵᠢᠯ ᠳᠤ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠨᠢᠭᠡᠨᠲᠡ ᠠᠵᠢᠯ ᠤᠨ ᠲᠥᠯᠥᠪᠯᠡᠭᠡ ᠳᠤ ᠣᠷᠣᠭᠤᠯᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠩᠭᠡᠬᠡᠨ ᠠᠪᠬᠤ ᠬᠡᠷᠡᠭᠲᠡᠢ︔ ᠠᠵᠢᠯ ᠤᠨ ᠲᠥᠯᠥᠪᠯᠡᠭᠡ ᠳᠤ ᠣᠷᠣᠭᠤᠯᠤᠭᠰᠠᠨ ᠦᠭᠡᠢ ᠶᠢ ᠨᠢ ᠨᠠᠷᠢᠨ ᠬᠢᠨᠠᠮᠠᠭᠠᠢ ᠰᠤᠳᠤᠯᠵᠤ᠂ ᠠᠵᠢᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠰᠠᠨᠠᠯ ᠰᠠᠨᠠᠭᠤᠯᠭ᠎ᠠ ᠶᠢ ᠲᠥᠯᠥᠪᠯᠡᠭᠡ ᠳᠤ ᠣᠷᠣᠭᠤᠯᠤᠨ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号