ᠡᠮ ᠡᠮᠨᠡᠯᠭᠡ ᠶᠢᠨ ᠳᠠᠭᠠᠳᠬᠠᠯ ᠤᠨ ᠲᠤᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠰᠥᠨᠢ ᠶᠢᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/1/3
      ᠣᠶᠢᠷ᠎ᠠ ᠶᠢᠨ ᠬᠤᠭᠤᠴᠠᠭᠠᠨ ᠳᠤ᠂ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠷᠭᠤᠭᠤᠯᠤᠨ ᠪᠤᠳᠤᠬᠤ ᠠᠵᠢᠯᠲᠠᠨ ᠬᠡᠰᠡᠭ ᠲᠤᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠰᠥᠨᠢ ᠶᠢᠨ ᠭᠡᠨᠡᠳᠲᠡ ᠶᠢᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠮᠣ ᠳ᠋ᠠᠶᠢᠲ᠋ᠠ ᠶᠢ ᠰᠢᠭᠰᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠲᠤᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠰᠥᠨᠢ ᠪᠠᠷ ᠪᠣᠶ ᠪᠣᠯᠤᠭᠰᠠᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠰᠡᠵᠢᠭᠯᠡᠯᠲᠡᠢ ᠲᠤᠭ᠎ᠠ ᠪᠠᠷᠢᠮᠲᠠ ᠳᠤ ᠴᠢᠭᠯᠡᠭᠦᠯᠦᠨ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠬᠢᠵᠦ᠂ ᠰᠡᠭᠦᠯᠴᠢ ᠶᠢᠨ ᠬᠤᠭᠤᠴᠠᠭᠠᠨ ᠳᠤ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠰᠡᠵᠢᠭᠯᠡᠯᠲᠡᠢ ᠲᠤᠭ᠎ᠠ ᠪᠠᠷᠢᠮᠲᠠ ᠶᠢ ᠵᠤᠷᠪᠤᠰ ᠳᠠᠷᠠᠭᠠᠯᠠᠨ ᠬᠠᠷᠢᠴᠠᠭᠤᠯᠵᠤ᠂ ᠲᠣᠭᠲᠠᠭᠠᠯ ᠎ ᠠᠴᠠ ᠦᠨᠡᠬᠡᠷ ᠵᠥᠷᠢᠴᠡᠭᠰᠡᠨ ᠵᠠᠷᠤᠯᠭ᠎ᠠ ᠶᠢᠨ ᠰᠠᠭᠤᠷᠢ ᠮᠥᠩᠭᠦ ᠶᠢ ᠨᠡᠬᠡᠮᠵᠢᠯᠡᠨ ᠠᠪᠴᠢᠷᠠᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号