ᠳ᠋ᠢᠩ ᠺᠠᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/1/30
      1 ᠰᠠᠷ᠎ᠠ ᠶᠢᠨ 29᠎ ᠤ ᠡᠳᠦᠷ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃      ᠳ᠋ᠢᠩ ᠺᠠᠢ ᠨᠠᠷ ᠤᠷᠢᠳ ᠬᠤᠵᠢᠳ ᠪᠠᠢ ᠵᠢᠶᠠ ᠤᠷᠠᠯᠢᠭ ᠤᠨ ᠪᠣᠯᠪᠠᠰᠤᠷᠠᠯ ᠤᠨ ᠰᠤᠷᠭᠠᠭᠤᠯᠢ᠂ ᠸᠠᠩ ᠯᠦᠩ ᠬᠤᠳᠠᠯᠳᠤᠭᠠᠨ ᠤ ᠲᠠᠯᠠᠪᠠᠢ᠂ ᠰᠦᠯᠵᠢᠶᠡᠨ ᠤ ᠪᠠᠭᠠᠷ᠂ ᠰᠠᠭᠤᠭᠳᠠᠯ ᠤᠨ ᠬᠤᠳᠠ᠂ ᠶᠦᠩ ᠬᠤᠢ ᠬᠡᠳᠦ ᠳᠡᠯᠭᠡᠭᠦᠷ ᠵᠡᠷᠭᠡ ᠲᠠᠯᠠᠪᠤᠷ ᠵᠢᠴᠢ ᠱᠢ ᠶᠢᠩ ᠬᠠᠶᠢᠯᠤᠭᠤᠷ᠂ ᠴᠢᠩ ᠶᠦᠨ ᠬᠠᠭᠠᠰ ᠳᠠᠮᠵᠢᠭᠤᠯᠤᠭᠴᠢ ᠶᠢᠨ ᠣᠨᠴᠠ ᠲᠦᠷᠦᠯ ᠤᠨ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠬᠡᠷᠡᠭᠯᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠦᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠣᠯᠵᠤ ᠮᠡᠳᠡᠭᠰᠡᠨ ᠠᠰᠠᠭᠤᠳᠠᠯ ᠤᠨ ᠳᠠᠯᠳᠠ ᠬᠡᠮ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃       ᠳ᠋ᠢᠩ ᠺᠠᠢ᠂ ᠣᠳᠣᠬᠠᠨ ᠳᠤ ᠶᠠᠭ ᠵᠢᠯ ᠤᠨ ᠡᠴᠦᠰ ᠰᠢᠨ᠎ᠡ ᠤᠨ ᠤ ᠡᠬᠢᠨ ᠳᠤ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ  ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠬᠤᠯᠪᠣᠭᠳᠠᠯ ᠪᠦᠬᠦᠢ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠦᠨᠡᠨᠬᠦ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ︽ᠶᠢᠰᠦᠨ ᠵᠢᠵᠢᠭ ᠲᠠᠯᠠᠪᠤᠷ︾ ︽ᠳᠡᠭᠡᠷ᠎ᠡ ᠳᠠᠪᠬᠤᠷᠭ᠎ᠠ ᠳᠤ ᠤᠷᠤᠨ ᠰᠠᠭᠤᠴᠠ ᠳᠤᠤᠷ᠎ᠠ ᠳᠠᠪᠬᠤᠷᠭ᠎ᠠ ᠳᠤ ᠳᠡᠯᠭᠡᠭᠦᠷ︾ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠵᠢᠴᠢ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ᠂ ᠲᠤᠬᠠᠢ ᠶᠢᠨ ᠲᠠᠯᠠᠪᠤᠷ ᠲᠤ ᠠᠵᠢᠯᠯᠠᠬᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠬᠦ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠨᠠᠷᠢᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠦᠨᠡᠨᠬᠦ ᠪᠣᠶ ᠪᠣᠯᠭᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠲᠠᠶᠢᠪᠤᠩ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号