ᠰᠤᠯᠠ ᠰᠠᠪᠠᠯᠠᠭᠰᠠᠨ ᠬᠠᠷ᠎ᠠ ᠠᠷᠢᠬᠢᠨ ᠤ ᠲᠤᠰᠬᠠᠢ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/1/30
      ᠣᠶᠢᠷ᠎ᠠ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠯᠠ ᠰᠠᠪᠠᠯᠠᠭᠰᠠᠨ ᠬᠠᠷ᠎ᠠ ᠠᠷᠢᠬᠢᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠲᠣᠭᠲᠠᠭᠠᠯ  ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤ ᠡᠯᠳᠡᠪ ᠵᠦᠢᠯ ᠤᠨ ᠳᠡᠯᠭᠡᠭᠦᠷ ᠵᠡᠷᠭᠡ ᠲᠠᠯᠠᠪᠤᠷ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠡᠵᠡᠩᠨᠡᠯᠲᠡ ᠶᠢᠨ ᠵᠥᠪᠰᠢᠶᠡᠷᠡᠯ᠂ ᠪᠠᠷᠠᠭ᠎ᠠ ᠣᠷᠣᠭᠤᠯᠤᠯᠲᠠ ᠶᠢᠨ ᠬᠠᠮᠢᠶᠠᠷᠤᠯᠲᠠ᠂ ᠱᠣᠰᠢᠭ᠎ᠠ ᠲᠡᠮᠳᠡᠭ ᠤᠨ ᠬᠠᠮᠢᠶᠠᠷᠤᠯᠲᠠ᠂ ᠪᠣᠷᠣᠯᠠᠭᠤᠯᠬᠤ ᠰᠠᠪᠠ᠂ ᠭᠡᠷᠡᠴᠢ ᠪᠠᠷᠢᠮᠲᠠ ᠠᠪᠬᠤ᠂ ᠡᠬᠡ ᠲᠠᠩᠰᠠ ᠪᠠᠶᠢᠭᠤᠯᠬᠤ ᠵᠡᠷᠭᠡ ᠵᠢᠷᠭᠤᠭᠠᠨ ᠲᠠᠯ᠎ᠠ ᠶᠢᠨ ᠲᠣᠭᠤᠷᠢᠨ ᠳᠤ ᠪᠠᠶᠢᠴᠠᠭᠠᠯᠲᠠ ᠬᠢᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号