ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ 2023 ᠣᠨ ᠤ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/31
      1 ᠰᠠᠷ᠎ᠠ ᠶᠢᠨ 30 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ 2023 ᠣᠨ ᠤ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠭᠡᠰᠢᠭᠦᠨ ᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠰᠢᠦᠢ ᠼᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠷᠠᠯ ᠳᠡᠭᠡᠷ᠎ᠡ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ᠂ ᠴᠢᠯᠦᠭᠡᠲᠦ ᠵᠠᠮ ᠤᠨ ᠵᠡᠭᠡᠯᠢ ᠭᠤᠳᠤᠮᠵᠢ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ᠂ ᠰᠢᠩ ᠱᠧᠩ ᠪᠠᠯᠭᠠᠰᠤᠨ ᠤ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠭᠡᠰᠢᠭᠦᠳ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠵᠦ᠂ ᠰᠢᠦᠢ ᠼᠠᠢ ᠹᠧᠩ ᠨᠢᠭᠡᠳ ᠨᠢᠭᠡ ᠪᠠᠷ ᠦᠨᠡᠯᠡᠯᠲᠡ ᠬᠢᠵᠡᠢ᠃       ᠰᠢᠦᠢ ᠼᠠᠢ ᠹᠧᠩ᠂ ᠴᠢᠩᠱᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠪᠣᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠴᠢᠬᠤᠯᠠ ᠪᠡᠶᠡᠯᠡᠯ ᠤᠨ ᠬᠡᠯᠪᠡᠷᠢ ᠮᠥᠨ᠃ 2023 ᠣᠨ ᠳᠤ᠂ ᠭᠡᠰᠢᠭᠦᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠵᠢᠯ ᠨᠢ ᠮᠠᠭᠲᠠᠭᠤᠰᠢᠲᠠᠢ ᠪᠠᠶᠢᠨ᠎ᠠ᠃ 2024 ᠣᠨ ᠳᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠭᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢᠦᠢ ᠼᠠᠢ ᠹᠧᠩ᠂ ᠪᠦᠬᠦ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠲᠡ ᠠᠴᠠ ᠲᠥᠯᠥᠪᠵᠢᠭᠦᠯᠬᠦ᠂ ᠡᠷᠲᠡ ᠠᠴᠠ ᠪᠡᠯᠡᠳᠬᠡᠬᠦ᠂ ᠡᠷᠲᠡ ᠠᠴᠠ ᠦᠷ᠎ᠡ ᠪᠦᠲᠦᠮᠵᠢ ᠭᠠᠷᠭᠠᠬᠤ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠢᠴᠢ ᠪᠦᠬᠦ ᠬᠤᠳᠠ ᠶᠢᠨ ︽ᠲᠤᠯᠤᠭᠠᠨ ᠶᠡᠭᠡ ᠠᠵᠢᠯᠯᠠᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠲᠤᠯᠭᠠᠭᠤᠷᠢᠯᠠᠨ ᠦᠢᠯᠡᠴᠢᠯᠡᠨ᠎ᠡ᠃ ᠴᠢᠩᠱᠠᠨ ᠲᠣᠭᠤᠷᠢᠭ ᠤᠨ ︽1234567︾ ᠬᠥᠭᠵᠢᠯᠲᠡ ᠶᠢᠨ ᠬᠠᠷᠠᠯᠲᠠ ᠶᠢ ᠰᠠᠶᠢᠲᠤᠷ ᠪᠡᠶᠡᠯᠡᠭᠦᠯᠵᠦ᠂ ᠤᠬᠠᠮᠰᠠᠷ ᠠᠴᠠ ᠪᠠᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠪᠦᠬᠦ ᠬᠤᠲᠠ ᠴᠢᠨᠠᠭᠰᠢᠯᠠᠪᠠᠯ ᠪᠦᠬᠦ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠲᠠᠯᠪᠢᠨ ᠲᠥᠯᠥᠪᠵᠢᠭᠦᠯᠵᠦ᠂ ᠠᠬᠢᠭᠤᠯᠬᠤ ᠪᠠ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠳᠠᠪᠠᠭᠤᠯᠢᠭ ᠪᠠ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠪᠦᠬᠦ ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠨᠥᠯᠥᠭᠡᠯᠡᠬᠦ ᠶᠢᠨ ᠬᠠᠮᠲᠤ ᠳᠠᠶᠢᠴᠢᠯᠠᠵᠤ᠂ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠲᠤᠰᠢᠶᠠᠯ ᠤᠨ ᠮᠡᠳᠡᠭᠦᠯᠦᠯᠲᠡ ᠬᠢᠵᠦ ᠳᠠᠭᠤᠰᠤᠭᠰᠠᠨ ᠤ ᠲᠠᠷᠠᠭ᠎ᠠ᠂ ᠭᠡᠰᠢᠭᠦᠳ ᠤᠨ ᠤᠯᠤᠰ ᠲᠦᠷᠤ ᠬᠠᠤᠯᠢ ᠴᠠᠭᠠᠵᠠ ᠶᠢᠨ ᠠᠵᠢᠯ  ᠤᠨ ᠪᠠᠶᠢᠳᠠᠯ ᠢ ᠠᠷᠠᠳᠴᠢᠯᠠᠯ ᠢᠶᠠᠷ ᠦᠨᠡᠯᠡᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号