ᠴᠢᠩᠱᠠᠨ ᠲᠣᠭᠤᠷᠢᠭ ᠤᠨ ᠨᠣᠮ ᠤᠨ ᠰᠠᠩ ᠴᠠᠭᠠᠨ ᠰᠠᠷ᠎ᠠ ᠶᠢ ᠤᠭᠲᠤᠬᠤ ︽ᠪᠢᠴᠢᠭ ᠤᠨ ᠦᠨᠦᠷ ᠢ ᠬᠠᠩᠬᠤᠯᠵᠤ  ᠪᠦᠬᠦ ᠠᠷᠠᠳ ᠢᠶᠠᠷ ᠢᠶᠠᠨ ᠨᠣᠮ ᠤᠩᠰᠢᠬᠤ︾ ᠨᠡᠭᠦᠳᠡᠯ ᠨᠣᠮ ᠪᠢᠴᠢᠭ ᠢ ᠦᠨᠳᠦᠰᠦᠨ ᠱᠠᠲᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/31
      ᠣᠯᠠᠨ ᠨᠡᠶᠢᠲᠡ ᠶᠢᠨ ᠰᠣᠶᠣᠯ ᠤᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠠᠷᠠᠳ ᠣᠯᠠᠨ ᠤ ᠰᠣᠶᠣᠯ ᠤᠨ ᠬᠦᠷᠲᠡᠮᠵᠢ ᠶᠢᠨ ᠰᠡᠳᠬᠢᠯᠭᠡ ᠶᠢ ᠨᠡᠮᠡᠭᠳᠡᠭᠦᠯᠵᠦ᠂  ᠪᠠᠶᠠᠷ ᠪᠠᠶᠠᠰᠤᠯ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠨᠣᠮ ᠤᠨ ᠰᠠᠩ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠨᠡᠶᠢᠭᠡᠮ ᠲᠣᠭᠤᠷᠢᠭ ᠲᠤ ᠴᠠᠭᠠᠨ ᠰᠠᠷ᠎ᠠ ᠶᠢ ᠤᠭᠲᠤᠬᠤ ︽ᠪᠢᠴᠢᠭ ᠤᠨ ᠦᠨᠦᠷ ᠢ ᠬᠠᠩᠬᠤᠯᠵᠤ     ᠪᠦᠬᠦ ᠠᠷᠠᠳ ᠢᠶᠠᠷ ᠢᠶᠠᠨ ᠨᠣᠮ ᠤᠩᠰᠢᠬᠤ︾ᠨᠡᠭᠦᠳᠡᠯ ᠨᠣᠮ ᠪᠢᠴᠢᠭ ᠢ ᠦᠨᠳᠦᠰᠦᠨ ᠱᠠᠲᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠂ ᠲᠤᠰ ᠤᠳᠠᠭ᠎ᠠ ᠶᠢᠨ ᠠᠵᠢᠯᠯᠠᠭ᠎ᠠ ᠳᠤ 200 ᠭᠠᠷᠤᠢ ᠨᠣᠮ ᠪᠢᠴᠢᠭ ᠲᠠᠷᠬᠠᠭᠠᠵᠠᠢ᠄ ᠡᠭᠦᠨ ᠳᠤ ᠪᠠᠭᠠᠴᠤᠳ ᠬᠡᠦᠬᠡᠳ ᠤᠨ ᠲᠦᠷᠦᠯ᠂ ᠤᠳᠬ᠎ᠠ ᠵᠣᠬᠢᠶᠠᠯ ᠤᠨ ᠲᠦᠷᠦᠯ᠂ ᠰᠣᠶᠣᠯ ᠰᠤᠷᠭᠠᠨ ᠬᠥᠮᠦᠵᠢᠯ ᠤᠨ ᠲᠦᠷᠦᠯ᠂ ᠪᠡᠶ᠎ᠡ ᠰᠤᠪᠢᠯᠠᠯᠲᠠ ᠡᠷᠡᠭᠦᠯᠵᠢᠯ ᠤᠨ ᠲᠦᠷᠦᠯ ᠵᠡᠷᠭᠡ ᠤᠯᠠᠨ ᠲᠦᠷᠦᠯ ᠤᠨ ᠨᠣᠮ ᠪᠢᠴᠢᠭ ᠪᠠᠭᠲᠠᠨ᠎ᠠ᠃ ᠡᠨᠡ ᠬᠦ ᠠᠵᠢᠯᠯᠠᠭ᠎ᠠ ᠨᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ  ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠠᠮᠢᠳᠤᠷᠠᠯ  ᠢ ᠪᠠᠶᠠᠯᠢᠭᠵᠢᠭᠤᠯᠵᠤ᠂ ᠪᠦᠬᠦ ᠠᠷᠠᠳ ᠤᠨ ᠤᠩᠰᠢᠯᠭ᠎ᠠ  ᠶᠢ ᠤᠯᠠᠮ ᠨᠢᠭᠡ ᠠᠯᠬᠤᠮ ᠳᠡᠯᠭᠡᠷᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号