ᠮᠠᠨ ᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠡᠯᠰᠡᠬᠦ᠂ ᠠᠵᠢᠯᠴᠢᠨ ᠬᠡᠷᠡᠭᠯᠡᠬᠦ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠥᠷᠭᠡᠨ ᠣᠯᠠᠨ ᠬᠥᠳᠡᠯᠮᠦᠷᠢᠯᠡᠭᠴᠢ ᠳᠤ ᠡᠷᠬᠡ ᠲᠡᠭᠰᠢ᠂ | ᠡᠮᠬᠢ ᠵᠢᠷᠤᠮ ᠲᠠᠢ ᠠᠵᠢᠯ ᠣᠯᠭᠤᠬᠤ ᠣᠷᠴᠢᠨ ᠲᠣᠭᠤᠷᠢᠨ ᠢ ᠪᠣᠶ ᠪᠣᠯᠭᠠᠵᠤ᠂ ᠬᠥᠳᠡᠯᠮᠦᠷᠢᠯᠡᠭᠴᠢᠳ ᠤᠨ ᠨᠡᠶᠢᠯᠡᠮᠡᠯ | ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠤᠰᠠᠳᠠ᠂ ᠣᠶᠢᠷ᠎ᠠ ᠶᠢᠨ ᠬᠤᠭᠤᠴᠠᠭᠠᠨ ᠳᠤ᠂ ᠪᠦᠬᠦ ᠲᠤᠭᠤᠷᠢᠭ ᠤᠨ | ᠬᠡᠪᠴᠢᠶᠡᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠢᠯᠭᠠᠷᠠᠭᠤᠯᠤᠨ | ᠴᠡᠭᠴᠡᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠪᠡ᠃ | ᠪᠠᠶᠢᠴᠠᠭᠠᠯᠲᠠ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ | ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ᠂ ᠠᠵᠢᠯ ᠮᠡᠷᠭᠡᠵᠢᠯ ᠤᠨ ᠵᠠᠭᠤᠴᠢ ᠠᠵᠢᠯᠯᠠᠭ᠎ᠠ ᠬᠢᠬᠦ ᠵᠣᠬᠢᠶᠠᠨ | ᠪᠠᠶᠢᠭᠤᠯᠤᠯᠲᠠ ᠪᠠ ᠬᠤᠪᠢ ᠬᠥᠮᠦᠨ᠂ ᠡᠯ᠎ᠡ ᠲᠥᠷᠥᠯ ᠤᠨ ᠠᠵᠢᠯᠴᠢᠨ ᠡᠯᠰᠡᠬᠦ ᠨᠢᠭᠡᠴᠢ ᠶᠢᠨ ᠥᠷᠨᠢᠭᠦᠯᠦᠭᠰᠡᠨ | ᠠᠭᠤᠯᠭ᠎ᠠ ᠳᠤ᠄ 1. ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ︔ 2. ᠬᠠᠤᠯᠢ ᠪᠤᠰᠤ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠪᠠ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠶᠢ ᠬᠠᠤᠯᠢ ᠶᠣᠰᠣᠭᠠᠷ | ᠬᠦᠴᠦᠨ ᠦᠭᠡᠢ ᠪᠣᠯᠭᠠᠨ᠎ᠠ︔ 3. ᠬᠥᠮᠦᠨ ᠬᠡᠷᠡᠭᠯᠡᠬᠦ ᠨᠢᠭᠡᠴᠢ ᠶᠢᠨ ᠠᠵᠢᠯᠴᠢᠨ ᠡᠯᠰᠡᠬᠦ ᠠᠵᠢᠯᠯᠠᠭ᠎ᠠ ᠶᠢ | ᠵᠢᠷᠤᠮᠵᠢᠭᠤᠯᠤᠨ᠎ᠠ︔ 4 . ᠬᠥᠮᠦᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ᠂ ᠬᠥᠳᠡᠯᠮᠦᠷᠢ ᠦᠢᠯᠡᠴᠢᠯᠡᠭᠡ | ᠲᠣᠮᠢᠯᠠᠬᠤ ᠺᠣᠮᠫᠠᠨᠢ ᠳᠤ ᠣᠨ ᠤ ᠬᠢᠨᠠᠨ ᠬᠠᠷᠭᠤᠭᠤᠯᠤᠯᠲᠠ ᠪᠠ ᠬᠡᠪᠰᠢᠭᠰᠡᠨ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ᠣᠳᠣᠬᠠᠨ ᠳᠤ᠂ ᠨᠢᠭᠡᠨᠲᠡ 40 ᠠᠵᠤ ᠠᠬᠤᠶᠢᠯᠠᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ᠂ ᠮᠠᠲ᠋ᠧᠷᠢᠶᠠᠯ ᠢ | ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢᠶᠠᠷ ᠪᠠᠶᠢᠴᠠᠭᠠᠯᠲᠠ ᠬᠢᠵᠦ᠂ 2000 ᠭᠠᠷᠤᠶ | ᠬᠥᠳᠡᠯᠮᠦᠷᠢᠴᠢᠳ ᠲᠤ ᠬᠤᠯᠪᠣᠭᠳᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠲᠣᠭᠲᠠᠭᠠᠵᠤ᠂ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠠᠶ | ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠠᠵᠢᠯ ᠣᠯᠭᠤᠯᠲᠠ ᠶᠢ | ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ | | | | |