ᠴᠢᠩᠱᠠᠨ ᠲᠣᠭᠤᠷᠢᠭ ᠤᠨ ︽ᠳᠤᠯᠠᠭᠠᠨ ᠢᠨᠵᠧᠨᠧᠷᠢᠩ︾ ᠤᠨ ᠲᠥᠷᠥᠯ ᠵᠦᠢᠯ ᠪᠦᠬᠦᠨ ᠢᠶᠠᠷ ᠢᠶᠠᠨ ᠳᠠᠭᠤᠰᠪᠠ
ᠨᠡᠶᠢᠲᠡᠯᠡᠭᠰᠡᠨ ᠴᠠᠭ᠄
2024/10/11
      ᠬᠤᠲᠠ᠂ ᠲᠣᠭᠤᠷᠢᠭ ᠬᠤᠶᠠᠷ ᠱᠠᠲᠤᠨ ᠤ ︽ᠳᠤᠯᠠᠭᠠᠨ ᠢᠨᠵᠧᠨᠧᠷᠢᠩ︾ ᠤᠨ ᠬᠡᠷᠡᠭᠵᠢᠭᠦᠯᠬᠦ ᠲᠥᠰᠦᠯ ᠶᠣᠰᠣᠭᠠᠷ᠂ 2024 ᠣᠨ ᠳᠤ᠂ ᠴᠢᠩᠱᠠᠨ ᠲᠣᠭᠤᠷᠢᠭ ᠤᠨ ︽ᠳᠤᠯᠠᠭᠠᠨ ᠢᠨᠵᠧᠨᠧᠷᠢᠩ︾ ᠤᠨ ᠨᠡᠶᠢᠲᠡ 51 ᠵᠦᠢᠯ ᠢ ᠬᠡᠷᠡᠭᠵᠢᠭᠦᠯᠪᠡ᠃ 9 ᠰᠠᠷ᠎ᠠ ᠶᠢᠨ 30 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ 51 ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠬᠦ ᠲᠥᠷᠥᠯ ᠵᠦᠢᠯ ᠢ ᠴᠥᠮ ᠨᠢᠭᠡᠨᠲᠡ ᠳᠠᠭᠤᠰᠬᠠᠵᠦ ︵ᠡᠰᠡᠬᠦᠯ᠎ᠡ ᠤᠰᠤ ᠨᠡᠪᠲᠡᠷᠡᠭᠦᠯᠬᠦ ᠨᠥᠬᠦᠴᠡᠯ ᠢ ᠪᠦᠷᠢᠳᠦᠭᠦᠯᠦᠭᠰᠡᠨ ᠪᠠᠶᠢᠨ᠎ᠠ︶᠂ ᠲᠥᠷᠥᠯ ᠵᠦᠢᠯ ᠤᠨ ᠠᠵᠢᠯ ᠳᠠᠭᠤᠰᠤᠭᠰᠠᠨ ᠨᠣᠷᠮ᠎ᠠ ᠨᠢ 100% ᠳᠤ ᠬᠦᠷᠪᠡ︔ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠨᠢ 21464.6083 ᠲᠦᠮᠡᠨ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ 21464.6083 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠨᠣᠷᠮ᠎ᠠ ᠨᠢ 100% ᠳᠤ ᠬᠦᠷᠴᠡᠢ᠃      ︽ᠳᠤᠯᠠᠭᠠᠨ ᠢᠨᠵᠧᠨᠧᠷᠢᠩ︾ ᠪᠣᠯ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠠᠶᠤᠯ ᠲᠦᠭᠰᠢᠭᠦᠷᠢ ᠪᠠ ᠠᠷᠠᠳ ᠣᠯᠠᠨ ᠤ ᠠᠵᠠ ᠵᠢᠷᠭᠠᠯ ᠲᠠᠢ ᠬᠤᠯᠪᠣᠭᠳᠠᠬᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ︽ᠳᠤᠯᠠᠭᠠᠨ ᠢᠨᠵᠧᠨᠧᠷᠢᠩ︾ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠠᠴᠠ ᠨᠠᠭᠠᠰᠢ᠂ ᠴᠢᠩᠱᠠᠨ ᠲᠣᠭᠤᠷᠢᠭ ᠡᠷᠲᠡ ᠠᠴᠠ ᠲᠥᠯᠥᠪᠵᠢᠭᠦᠯᠬᠦ᠂ ᠡᠷᠲᠡ ᠠᠴᠠ ᠪᠠᠶᠢᠷᠢᠯᠠᠭᠤᠯᠬᠤ ᠶᠢ ᠪᠠᠷᠢᠮᠲᠠᠯᠠᠵᠤ᠂ ︽ᠳᠤᠯᠠᠭᠠᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠤᠨ ᠠᠬᠢᠴᠠ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠬᠠᠯᠠᠭᠤᠨ ᠬᠦᠢᠲᠡᠨ ᠤ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠡᠳᠬᠢᠯ ᠲᠠᠯᠪᠢᠨ ᠬᠦᠴᠦ ᠣᠷᠣᠭᠤᠯᠤᠨ ︽ᠳᠤᠯᠠᠭᠠᠴᠠ︾ ᠶᠢ ᠪᠣᠳᠠᠲᠠᠶᠢᠵᠢᠭᠤᠯᠵᠤ᠂ ᠳᠤᠯᠠᠭᠠᠯᠠᠭ᠎ᠠ ᠬᠠᠩᠭᠠᠬᠤ ᠢᠯᠴᠢ ᠪᠠᠷ ᠠᠷᠠᠳ ᠤᠨ ᠠᠮᠢᠳᠤᠷᠠᠯ ᠤᠨ ︽ᠳᠤᠯᠠᠭᠠᠴᠠ︾ ᠶᠢ ᠳᠡᠭᠡᠭᠰᠢᠯᠡᠭᠦᠯᠵᠦ᠂ ᠠᠵᠢᠯ ᠡᠬᠢᠯᠡᠭᠰᠡᠨ ᠠᠴᠠ ᠨᠠᠭᠠᠰᠢ ᠪᠦᠬᠦ ᠬᠦᠴᠦᠨ ᠢᠶᠠᠷ ᠢᠶᠠᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠠᠳᠬᠤᠵᠤ᠂ ᠴᠠᠭ ᠤᠨ ᠬᠢᠵᠠᠭᠠᠷ ᠶᠣᠰᠣᠭᠠᠷ ᠪᠦᠬᠦ ᠢᠨᠵᠧᠨᠧᠷᠢᠩ ᠢ ᠪᠡᠶᠡᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号