ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠪᠠᠬᠢ ᠪᠤᠢ ᠪᠣᠯᠭᠠᠵᠤ᠂ ᠬᠠᠷᠢᠶ᠎ᠠ ᠣᠷᠣᠨ ᠤ ᠪᠠᠯᠭᠠᠰᠤ ᠲᠣᠰᠬᠤᠨ ᠤ ᠺᠠᠳ᠋ᠷ ᠵᠢᠴᠢ ᠤᠯᠠᠨ ᠲᠦᠮᠡᠨ ᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠴᠢᠳᠠᠪᠤᠷᠢ ᠶᠢ ᠦᠨᠡᠨᠬᠦ | ᠳᠡᠭᠡᠭᠰᠢᠯᠡᠭᠦᠯᠬᠦ ᠶᠢᠨ ᠲᠥᠯᠥᠭᠡ᠂ ᠰᠢᠩ ᠱᠧᠩ ᠪᠠᠯᠭᠠᠰᠤ ︽ᠭᠤᠷᠪᠠᠨ ᠠᠷᠭ᠎ᠠ ᠬᠡᠮᠵᠢᠶ᠎ᠡ︾ ᠪᠠᠷ ᠳᠠᠮᠵᠢᠭᠤᠯᠤᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ | ᠦᠷᠭᠦᠯᠵᠢᠯᠡᠨ ᠠᠬᠢᠭᠤᠯᠪᠠ᠃ | ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ︽ᠬᠦᠳᠡᠯᠬᠡᠬᠦ ᠬᠦᠴᠦᠨ ᠤ ᠪᠤᠯᠠᠭ︾ ᠪᠣᠯᠭᠠᠬᠤ ᠶᠢ | ᠪᠠᠷᠢᠮᠳᠠᠯᠠᠨ᠎ᠠ | ᠰᠢᠩ ᠱᠧᠩ ᠪᠠᠯᠭᠠᠰᠤ ᠨᠡᠶᠢᠲᠡᠯᠢᠭ ᠬᠡᠯᠡ ᠶᠢ ᠳᠡᠯᠭᠡᠷᠡᠭᠦᠯᠬᠦ ᠤᠬᠠᠭᠤᠯᠤᠨ ᠲᠠᠶᠢᠯᠪᠤᠷᠢᠯᠠᠬᠤ ᠬᠤᠷᠠᠯ | ᠬᠤᠷᠠᠯᠳᠤᠭᠤᠯᠵᠤ᠂ 15 ᠵᠠᠰᠠᠭ ᠵᠠᠬᠢᠷᠭᠠᠨ ᠤ ᠲᠣᠰᠬᠤᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠤᠨ | ᠲᠠᠶᠢᠯᠪᠤᠷᠢᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠺᠠᠳ᠋ᠷ ᠤᠯᠠᠨ ᠲᠦᠮᠡᠨ ᠳᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ᠂ | ᠤᠯᠠᠨ ᠢ ᠬᠥᠲᠥᠯᠥᠨ ᠵᠢᠯᠣᠭᠤᠳᠴᠤ ᠡᠳᠦᠷ ᠲᠤᠳᠤᠮ ᠤᠨ ᠠᠮᠢᠳᠤᠷᠠᠯ ᠤᠨ ᠳᠤᠮᠳᠠ ᠨᠡᠶᠢᠲᠡᠯᠢᠭ ᠬᠡᠯᠡ ᠶᠢ ᠡᠷᠬᠢᠮᠯᠡᠬᠦ | ᠳᠠᠳᠬᠠᠯ ᠲᠠᠢ ᠪᠣᠯᠭᠠᠪᠠ᠃ ᠲᠥᠪᠯᠡᠷᠡᠭᠦᠯᠦᠨ ᠤᠬᠠᠭᠤᠯᠭ᠎ᠠ ᠪᠣᠯᠪᠠᠰᠤᠷᠠᠭᠤᠯᠤᠯ ᠤᠨ ᠬᠤᠷᠠᠯ᠂ ᠸᠢᠴᠠᠲ ᠤᠨ ᠪᠦᠯᠦᠭ᠂ | ᠨᠠᠶᠢᠵᠠ ᠶᠢᠨ ᠲᠣᠭᠤᠷᠢᠭ᠂ ᠪᠠᠯᠭᠠᠰᠤᠨ ᠤ ᠲᠠᠰ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠨ ᠬᠡᠷᠡᠭᠯᠡᠬᠦ | ᠠᠭᠤᠯᠭ᠎ᠠ ᠶᠢ ᠨᠡᠶᠢᠲᠡᠯᠡᠵᠦ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠤᠨ ᠨᠥᠯᠥᠭᠡᠯᠡᠬᠦ ᠬᠦᠴᠦᠨ᠂ | ᠨᠠᠶᠢᠳᠠᠪᠤᠷᠢᠵᠢᠭᠤᠯᠬᠤ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠎ᠡ᠃ | ᠠᠭᠤᠷ ᠠᠮᠢᠰᠬᠤᠯ ᠢ ᠪᠤᠢ ᠪᠣᠯᠭᠠᠬᠤ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠢ ᠠᠬᠢᠭᠤᠯᠬᠤ ︽ᠰᠠᠶᠢᠨ ᠭᠠᠷᠳᠠᠴᠠ︾ ᠪᠣᠯᠭᠠᠬᠤ ᠶᠢ ᠪᠠᠷᠢᠮᠲᠠᠯᠠᠨ᠎ᠠ | ᠪᠠᠯᠭᠠᠰᠤ ᠲᠣᠰᠬᠤᠨ ᠬᠤᠶᠠᠷ ᠱᠠᠲᠤᠨ ᠤ ᠬᠢᠨ LED ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ | ᠡᠯᠭᠦᠬᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠳ᠋ᠤᠭᠠᠷ ᠪᠠ ︽ᠠᠨᠠᠷ ᠤᠨ | ᠴᠡᠴᠡᠭ ᠢᠶᠠᠷ ᠰᠢᠨ᠎ᠡ ᠴᠠᠭ ᠦᠶ᠎ᠡ ᠶᠢ ᠨᠡᠭᠡᠭᠡᠵᠦ᠂ ᠰᠢᠨ᠎ᠡ ᠢᠷᠡᠭᠡᠳᠦᠶ ᠶᠢ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ | ᠤᠳᠬ᠎ᠠ ᠤᠷᠠᠯᠢᠭ ᠤᠨ ᠦᠳᠡᠰᠢᠯᠡᠭᠡ᠂ ᠴᠢᠩᠱᠠᠨ ᠲᠣᠭᠤᠷᠢᠭ ᠤᠨ ︽ᠳᠥᠷᠪᠡᠨ ᠤᠯᠠᠷᠢᠯ ᠤᠨ ᠲᠣᠰᠬᠤᠨ ᠣᠷᠣᠢ︾᠂ | ᠳ᠋ᠦᠩ ᠳ᠋ᠠ ᠱᠠᠨ ᠤᠷᠠᠯᠢᠭ ᠤᠨ ᠲᠣᠭᠤᠷᠢᠭ ᠤᠨ ︽ᠢᠷᠡᠭᠡᠳᠦᠶ ᠲᠠᠢ ᠬᠠᠮᠲᠤ ᠪᠠᠷ ᠰᠠᠶᠢᠬᠠᠨ ᠠᠮᠢᠳᠤᠷᠠᠯ ᠳᠤ | ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ᠭᠤᠤᠯ ᠰᠡᠳᠦᠪᠲᠦ ᠠᠵᠢᠯᠯᠠᠭ᠎ᠠ ᠵᠡᠷᠭᠡ | ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠣᠶᠣᠯ ᠲᠠᠮᠢᠷ ᠤᠨ | ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠵᠡᠶ᠃ ᠡᠨᠡ ᠵᠢᠯ ᠪᠠᠯᠭᠠᠰᠤ᠂ ᠲᠣᠰᠬᠤᠨ ᠬᠤᠶᠠᠷ ᠱᠠᠲᠤᠨ ᠤ ᠬᠢᠨ ᠨᠡᠶᠢᠲᠡ 500 ᠭᠠᠷᠤᠶ ᠵᠤᠷᠪᠤᠰ | ᠤᠬᠠᠭᠤᠯᠭ᠎ᠠ ᠶᠢᠨ ᠤᠷᠢᠶ᠎ᠠ ᠯᠣᠽᠦ᠋ᠩ ᠵᠣᠬᠢᠶᠠᠵᠤ᠂ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠳ᠋ᠤᠭᠠᠷ ᠢ 1000 | ᠭᠠᠷᠤᠶ ᠤᠳᠠᠭ᠎ᠠ ᠨᠡᠶᠢᠲᠡᠯᠡᠵᠦ᠂ ᠡᠭᠦᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠲᠥᠷᠥᠯ ᠤᠨ ᠫᠷᠤᠭ᠍ᠷᠠᠮ ᠢ 400 ᠭᠠᠷᠤᠶ ᠳᠡᠯᠭᠡᠷᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠬᠡᠷᠡᠭᠵᠢᠭᠦᠯᠬᠦ ᠡᠷᠴᠢᠮ ᠢᠶᠠᠨ ᠦᠨᠡᠨ ᠬᠦ ᠴᠢᠩᠭᠠᠳᠬᠠᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠷᠢ ᠲᠦᠪᠰᠢᠨ ᠢ ᠪᠦᠲᠦᠮᠵᠢᠲᠡᠶ ᠠᠬᠢᠭᠤᠯᠤᠨ᠎ᠠ᠃ | ᠦᠷ᠎ᠡ ᠳ᠋ᠦᠩ ᠤᠨ ᠬᠡᠷᠡᠭᠯᠡᠯᠲᠡ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠢ ᠠᠬᠢᠭᠤᠯᠬᠤ ︽ᠵᠠᠩᠭᠢᠯᠠᠭ᠎ᠠ ᠶᠢᠨ ᠠᠷᠭ᠎ᠠ︾ ᠪᠣᠯᠭᠠᠬᠤ ᠶᠢ ᠪᠠᠷᠢᠮᠲᠠᠯᠠᠨ᠎ᠠ | ᠰᠢᠩ ᠱᠧᠩ ᠪᠠᠯᠭᠠᠰᠤ ᠲᠠᠷᠢᠶᠠᠴᠢᠨ ᠨᠠᠮ ᠤᠨ ᠭᠡᠰᠢᠭᠦᠨ ᠤᠯᠠᠨ ᠲᠦᠮᠡᠨ ᠤ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠡᠵᠡᠮᠰᠢᠨ ᠬᠡᠷᠡᠭᠯᠡᠬᠦ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠲᠣᠰᠬᠤᠨ ᠤ ᠳᠣᠲᠣᠷᠠᠬᠢ ᠠᠵᠢᠯᠯᠠᠭᠠᠨ ᠤ ᠲᠠᠯᠠᠪᠤᠷ ᠲᠤ | ᠲᠦᠰᠢᠭᠯᠡᠨ᠂ ︽ᠲᠣᠰᠬᠤᠨ ᠤ ᠬᠤᠶᠠᠷ ᠵᠥᠪᠯᠡᠯ︾ ᠤᠨ ᠲᠠᠷᠢᠶᠠᠴᠢᠨ ᠨᠠᠮ ᠤᠨ ᠭᠡᠰᠢᠭᠦᠨ ᠤᠯᠠᠨ ᠲᠦᠮᠡᠨ | ᠲᠥᠪᠯᠡᠷᠡᠭᠦᠯᠦᠨ ᠬᠢᠴᠢᠶᠡᠯᠯᠡᠬᠦ ᠶᠢ ᠨᠠᠶᠢᠳᠠᠪᠤᠷᠢᠵᠢᠭᠤᠯᠵᠤ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾᠂ | ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ︾᠂ ︽ᠳᠤᠮᠳᠠᠳᠤ ᠶᠢ ᠦᠭᠦᠯᠡᠬᠦᠢ · ᠸᠧᠨ ᠼᠦᠢ︾ ᠵᠡᠷᠭᠡ ᠨᠣᠮ ᠪᠢᠴᠢᠭ ᠢ ᠠᠰᠢᠭᠯᠠᠵᠤ᠂ ᠦᠭᠡ ᠥᠭᠦᠯᠡᠪᠦᠷᠢ | ᠳᠠᠷᠠᠭᠠᠯᠠᠨ ᠤᠩᠰᠢᠨ ᠲᠠᠶᠢᠯᠪᠤᠷᠢᠯᠠᠬᠤ᠂ ᠲᠤᠬᠠᠢ ᠶᠢᠨ ᠲᠠᠯᠠᠪᠤᠷ ᠲᠤ ᠤᠩᠰᠢᠭᠰᠠᠨ ᠤ ᠳᠠᠷᠠᠭᠠᠬᠢ ᠲᠥᠷᠥᠭᠳᠡᠯ ᠢᠶᠠᠨ | ᠬᠡᠯᠡᠬᠦ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠺᠠᠳ᠋ᠷᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ | ᠰᠤᠷᠤᠯᠴᠠᠨ ᠬᠡᠷᠡᠭᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠪᠠᠯᠭᠠᠰᠤ᠂ ᠲᠣᠰᠬᠤᠨ ᠤ ᠺᠠᠳ᠋ᠷ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠭᠰᠡᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠬᠢᠵᠦ᠂ ᠡᠨᠡ ᠵᠢᠯ 27 ᠺᠠᠳ᠋ᠷ | ᠠᠵᠢᠯᠲᠠᠨ ᠠᠵᠢᠯᠴᠢᠨ ᠨᠡᠶᠢᠲᠡᠯᠢᠭ ᠬᠡᠯᠡᠨ ᠤ ᠬᠢᠷᠢ ᠬᠡᠮ ᠤᠨ ᠦᠨᠡᠮᠯᠡᠯ ᠤᠨ ᠬᠢᠷᠢ ᠲᠦᠪᠰᠢᠨ ᠤ | ᠪᠣᠯᠪᠠᠰᠤᠷᠠᠭᠤᠯᠤᠯ ᠤᠨ ᠰᠢᠯᠭᠠᠯᠲᠠ ᠳᠤ ᠣᠷᠣᠯᠴᠠᠭᠰᠠᠨ ᠪᠥᠭᠡᠳ ᠪᠦᠬᠦᠨ ᠢᠶᠠᠷ ᠢᠶᠠᠨ ᠰᠢᠯᠭᠠᠯᠲᠠ ᠢ ᠦᠩᠭᠡᠷᠡᠭᠦᠯᠪᠡ᠃ | ᠪᠥᠬᠦ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠤᠨ ᠨᠡᠶᠢᠲᠡᠯᠢᠭ ᠬᠡᠯᠡᠨ ᠤ ᠬᠢᠷᠢ ᠬᠡᠮ ᠤᠨ ᠦᠨᠡᠮᠯᠡᠯ ᠲᠠᠢ ᠪᠠᠶᠢᠬᠤ ᠶᠢ | 95% ᠠᠴᠠ ᠳᠡᠭᠡᠭᠰᠢ ᠳᠤ ᠬᠦᠷᠦᠭᠦᠯᠵᠦ᠂ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ | | | | | | | | |