ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
      ᠨᠠᠮᠤᠷ ᠤᠨ ᠤᠯᠠᠷᠢᠯ ᠳᠤ᠂ ᠴᠠᠭᠠᠨ ᠨᠤᠭᠤᠭ᠎ᠠ᠂ ᠲᠥᠮᠥᠰᠥ᠂ ᠰᠣᠩᠭᠢᠨ᠎ᠠ ᠵᠡᠷᠭᠡ ᠨᠠᠮᠤᠷ ᠤᠨ ᠨᠣᠭᠤᠭ᠎ᠠ ᠵᠠᠯᠭᠠᠯᠳᠤᠭ᠎ᠠ ᠪᠠᠷ ᠵᠠᠬ᠎ᠠ ᠳᠡᠯᠭᠡᠭᠦᠷ ᠲᠤ ᠭᠠᠷᠬᠤ ᠶᠢ ᠳᠠᠭᠠᠯᠳᠤᠨ᠂ ᠬᠥᠮᠦᠰ ᠴᠥᠮ ︽ᠨᠠᠮᠤᠷ ᠤᠨ ᠨᠣᠭᠤᠭ᠎ᠠ ᠶᠢ ᠬᠤᠷᠠᠮᠳᠤᠭᠤᠯᠬᠤ︾ ᠬᠡᠪ ᠵᠠᠭᠪᠤᠷ ᠢ ᠡᠬᠢᠯᠡᠭᠦᠯᠵᠦ᠂ ᠵᠢᠯ ᠳᠤ ᠨᠢᠭᠡ ᠤᠳᠠᠭ᠎ᠠ ᠨᠠᠮᠤᠷ ᠨᠣᠭᠤᠭ᠎ᠠ ᠬᠠᠳᠠᠭᠠᠯᠠᠬᠤ  ︽ᠠᠵᠢᠯᠯᠠᠭ᠎ᠠ︾ ᠶᠠᠭ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠨᠠᠮᠤᠷ ᠤᠨ ᠨᠣᠭᠤᠭᠠᠨ ᠤ ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠬᠠᠤᠯᠢ ᠪᠤᠰᠤ ᠬᠤᠳᠠᠯᠳᠤᠭᠠᠴᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠠᠰᠢᠭᠯᠠᠨ ᠭᠡᠮ ᠬᠢᠬᠦ᠂ ᠬᠡᠷᠡᠭᠯᠡᠭᠴᠢᠳ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮᠤᠷ ᠤᠨ ᠨᠣᠭᠤᠭᠠᠨ ᠤ ᠵᠠᠬ᠎ᠠ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠤᠨ ᠠᠮᠢᠳᠤᠷᠠᠯ ᠤᠨ ︽ᠵᠢᠩᠯᠡᠭᠦᠷ︾ ᠢ ᠡᠷᠡᠰ ᠰᠠᠬᠢᠵᠤ᠂ ᠣᠯᠠᠨ ᠲᠦᠮᠡᠨ ᠤ ︽ᠵᠣᠭᠤᠰᠤᠨ ᠤᠭᠤᠲᠠ︾ ᠶᠢ ᠰᠠᠢᠲᠤᠷ ᠬᠠᠮᠠᠭᠠᠯᠠᠨ᠎ᠠ᠃      ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ 6 ᠲᠦᠷ ᠴᠠᠭ ᠤᠨ ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠪᠠᠷᠢᠮᠵᠢᠶᠠᠲᠤ ᠲᠠᠤᠬᠠᠶ ᠶᠢ ᠬᠡᠷᠡᠭᠯᠡᠨ ᠡᠷᠦᠬᠡ ᠳᠠᠷᠠᠭᠠᠯᠠᠨ ᠬᠠᠷᠢᠴᠠᠭᠤᠯᠤᠨ ᠬᠠᠷᠭᠤᠭᠤᠯᠵᠤ᠂ ᠢᠳᠡᠰᠢᠨ ᠨᠣᠭᠤᠭ᠎ᠠ ᠶᠢᠨ ᠲᠠᠷᠢᠶᠠᠴᠢᠨ ᠵᠢᠴᠢ ᠪᠥᠭᠡᠮ ᠢᠶᠠᠷ ᠬᠤᠳᠠᠯᠳᠤᠬᠤ ᠬᠤᠳᠠᠯᠳᠤᠭᠠᠨ ᠤ ᠡᠷᠦᠬᠡ ᠶᠢᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠡᠪᠳᠡᠬᠦ᠂ ᠬᠡᠮ ᠰᠣᠭᠤᠭ ᠲᠠᠢ ᠵᠢᠩᠯᠡᠭᠦᠷ ᠢ ᠠᠰᠢᠭᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠶᠢ ᠬᠦᠴᠦᠯᠡᠨ ᠪᠠᠶᠢᠴᠠᠭᠠᠨ ᠰᠢᠢᠳᠪᠦᠷᠢᠯᠡᠬᠦ ᠪᠠ ᠲᠡᠭᠦᠨ ᠳᠤ ᠴᠣᠬᠢᠯᠲᠠ ᠥᠭᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠡᠭᠦᠨ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠡᠭᠦᠨ ᠢ ᠬᠢᠷᠢ ᠲᠡᠩᠴᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠤᠳᠠᠯᠳᠤᠨ ᠠᠪᠴᠤ ᠬᠡᠷᠡᠭᠯᠡᠵᠦ᠂ ᠤᠯᠤᠰ ᠤᠨ ᠰᠢᠭᠰᠢᠭᠳᠡᠭᠦᠯᠦᠭᠰᠡᠨ᠂ ᠬᠢᠷᠢ ᠲᠡᠩᠴᠡᠭᠰᠡᠨ ᠥᠬᠡᠶ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠥᠬᠡᠶ ᠪᠠᠶᠢᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠠᠰᠢᠭᠯᠠᠨ ᠬᠡᠮ ᠬᠢᠵᠦ ᠪᠠᠶᠢᠭᠠᠳ ᠥᠷᠭᠡᠨ ᠣᠯᠠᠨ ᠰᠠᠭᠤᠭᠠᠯᠢ ᠠᠷᠠᠳ ᠢ ᠮᠡᠬᠡᠯᠡᠵᠦ ᠪᠣᠯᠬᠤ ᠥᠬᠡᠶ ᠭᠡᠵᠦ ᠱᠠᠭᠠᠷᠳᠠᠪᠠ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 30 ᠭᠠᠷᠤᠶ ᠬᠥᠮᠦᠨ᠂ ᠲᠤᠬᠠᠶ ᠶᠢᠨ ᠲᠠᠯᠠᠪᠤᠷ ᠲᠤ 260 ᠭᠠᠷᠤᠶ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠵᠤ᠂ 2 ᠬᠡᠮᠵᠢᠯ ᠤᠨ ᠵᠢᠩᠯᠡᠬᠦᠷ ︵ᠬᠠᠪᠰᠤᠷᠤᠯᠴᠠᠬᠤ ᠵᠠᠮ ᠪᠠ ᠴᠠᠩ ᠹᠦ᠋ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ ᠢᠶᠠᠷ ᠲᠥᠮᠥᠰᠥ ᠵᠢᠴᠢ ᠰᠣᠩᠭᠢᠨ᠎ᠠ ᠶᠢᠨ ᠡᠵᠡᠩᠨᠡᠯᠲᠡ ᠶᠢᠨ ᠡᠷᠦᠬᠡ︶ ᠶᠢ ᠪᠠᠶᠢᠴᠠᠭᠠᠨ ᠦᠯᠡᠳᠡᠭᠡᠵᠦ᠂ ᠴᠢᠩᠱᠠᠨ ᠲᠣᠭᠤᠷᠢᠭ ᠤᠨ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠬᠠᠤᠯᠢ ᠪᠤᠰᠤ ᠬᠤᠳᠠᠯᠳᠤᠭᠠᠴᠢᠨ ᠤ ᠡᠷᠡᠭᠦᠯ ᠪᠤᠰᠤ ᠡᠵᠡᠩᠨᠡᠯᠲᠡ ᠶᠢᠨ ᠦᠢᠯᠡ ᠠᠵᠢᠯᠯᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠳᠤ ᠴᠢᠩᠭ᠎ᠠ ᠴᠣᠬᠢᠯᠲᠠ ᠥᠭᠴᠡᠶ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠡᠯ᠎ᠡ ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠲᠠᠰᠤᠷᠠᠯᠲᠠ ᠦᠭᠡᠢ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠡᠷᠴᠢᠮ ᠪᠣᠯᠤᠨ ᠤᠳᠠᠭ᠎ᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ︽ᠬᠠᠷ᠎ᠠ ᠰᠠᠨᠠᠭ᠎ᠠ︾ ᠶᠢ ᠴᠢᠩᠭ᠎ᠠ ᠪᠠᠶᠢᠴᠠᠭᠠᠵᠤ᠂ ᠤᠯᠠᠨ ᠲᠦᠮᠡᠨ ᠳᠤ ︽ᠬᠠᠨᠤᠮᠵᠢᠲᠠᠶ︾ ᠨᠣᠭᠤᠭ᠎ᠠ᠂ ︽ᠰᠠᠨᠠᠭ᠎ᠠ ᠠᠮᠤᠷ︾ ᠨᠣᠭᠤᠭ᠎ᠠ ᠬᠤᠳᠠᠯᠳᠤᠨ ᠠᠪᠴᠤ᠂ ᠴᠢᠩᠱᠠᠨ ᠲᠣᠭᠤᠷᠢᠭ ᠤᠨ ︽ᠤᠲᠤᠭᠠᠨ ᠤ ᠭᠠᠯ︾ ᠢ ᠰᠠᠶᠢᠲᠤᠷ ᠰᠠᠬᠢᠨ ᠬᠠᠮᠠᠭᠠᠯᠠᠬᠤ ᠪᠣᠯᠤᠨ᠎ᠠ᠃      ᠡᠭᠦᠨ ᠤ ᠬᠠᠮᠲᠤ ᠥᠷᠭᠡᠨ ᠣᠯᠠᠨ ᠬᠡᠷᠡᠭᠯᠡᠭᠴᠢᠳ ᠲᠤ ᠪᠠᠷᠠᠭ᠎ᠠ ᠬᠤᠳᠠᠯᠳᠤᠨ ᠠᠪᠬᠤ ᠳᠠᠭᠠᠨ ᠡᠵᠡᠩᠨᠡᠭᠴᠢ ᠶᠢ ᠡᠯᠧᠺᠲᠷᠤᠨ ᠵᠢᠩᠯᠡᠭᠦᠷ ᠲᠤ ᠴᠠᠬᠢᠯᠭᠠᠨ ᠲᠠᠰᠤᠯᠵᠤ ᠳᠠᠬᠢᠨ ᠰᠡᠩᠬᠡᠷᠡᠭᠦᠯᠵᠦ᠂ ᠳᠠᠷᠠᠭ᠎ᠠ ᠨᠢ ᠬᠦᠨᠳᠦ ᠶᠢ ᠬᠡᠮᠵᠢᠵᠦ᠂ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠱᠠᠭᠠᠷᠳᠠᠵᠤ ᠪᠣᠯᠤᠨ᠎ᠠ ᠭᠡᠵᠦ ᠰᠠᠨᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号