ᠠᠯᠲᠠᠨ ᠨᠠᠮᠤᠷ ᠤᠨ ᠠᠷᠪᠠᠨ ᠰᠠᠷ᠎ᠠ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ᠂ ᠨᠡᠷᠡᠨ ᠤ ᠭᠡᠷᠡᠯ | ᠨᠠᠰᠤᠲᠠᠨ ᠢ ᠠᠰᠠᠷᠠᠬᠤ ᠬᠦᠷᠢᠶᠡᠯᠡᠩ ᠳᠤ ᠡᠶᠡᠯᠳᠡᠭ ᠵᠥᠭᠡᠯᠡᠨ ᠢᠶᠠᠷ ᠲᠤᠰᠴᠤ᠂ ᠡᠨᠡᠬᠦ ᠣᠨᠴᠠᠭᠠᠢ ᠡᠳᠦᠷ ᠬᠡᠳᠦᠨ | ᠬᠤᠪᠢ ᠳᠤᠯᠠᠭᠠᠨ ᠨᠡᠮᠡᠷᠢᠯᠡᠪᠡ᠃ ᠡᠨᠡ ᠬᠦ ᠨᠠᠰᠤᠲᠠᠨ ᠢᠶᠠᠨ ᠬᠦᠨᠳᠦᠯᠡᠬᠦ ᠡᠳᠦᠷ ᠲᠤ᠂ ᠰᠣᠶᠣᠯ ᠤᠨ ᠣᠷᠳᠣᠨ ᠤ | ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠰᠤᠲᠠᠨ ᠢ ᠠᠰᠠᠷᠠᠬᠤ ᠬᠦᠷᠢᠶᠡᠯᠡᠩ ᠤᠨ | ᠨᠠᠰᠤᠲᠠᠶᠢᠴᠤᠳ ᠲᠤ ᠥᠪᠡᠷᠮᠢᠴᠡ ᠣᠨᠴᠠᠯᠢᠭ ᠲᠠᠢ ᠤᠳᠬ᠎ᠠ ᠤᠷᠠᠯᠢᠭ ᠤᠨ ᠦᠪᠡᠳᠡᠭᠰᠢ ᠨᠠᠶᠢᠷ ᠢ ᠬᠦᠷᠭᠡᠪᠡ᠃ | 10 ᠰᠠᠷ᠎ᠠ ᠶᠢᠨ 11 ᠤ ᠡᠳᠦᠷ᠂ ᠰᠣᠶᠣᠯ ᠤᠨ ᠣᠷᠳᠣᠨ ᠤ ᠤᠷᠠᠨ ᠰᠠᠶᠢᠬᠠᠨ ᠤ ᠰᠠᠶᠢᠨ ᠳᠤᠷᠠᠴᠤᠤᠯ ᠨᠠᠷᠢᠨ | ᠨᠢᠮᠪᠠᠶ ᠪᠡᠯᠡᠳᠬᠡᠭᠰᠡᠨ ᠲᠣᠭᠯᠠᠯᠲᠠ ᠪᠠᠨ ᠠᠪᠴᠤ᠂ ᠾᠦᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ | ᠢᠷᠡᠪᠡ᠃ ᠲᠣᠭᠯᠠᠯᠲᠠ ᠨᠢ ︽ᠰᠡᠳᠬᠢᠯ ᠤᠨ ᠡᠷᠢᠯ︾ ᠳᠤᠮᠳᠠ ᠬᠥᠰᠢᠭᠡ ᠪᠠᠨ ᠨᠡᠭᠡᠭᠡᠵᠦ᠂ ᠲᠣᠭᠯᠠᠭᠴᠢᠳ ᠤᠨ | ᠣᠷᠭᠢᠯᠤᠮ᠎ᠠ ᠬᠠᠯᠠᠭᠤᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠪᠡ᠃ ᠳᠠᠷᠠᠭ᠎ᠠ ᠨᠢ᠂ | ᠰᠣᠩᠭᠤᠳᠠᠭ ᠬᠠᠭᠤᠴᠢᠨ ᠳᠠᠭᠤᠤ ︽ᠪᠢ ᠡᠬᠡ ᠤᠯᠤᠰ ᠲᠠᠢ ᠪᠠᠨ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ | ᠮᠠᠨᠳᠤᠯ᠎ᠠ︾ ᠵᠡᠷᠭᠡ ᠳᠠᠭᠤᠤ ᠨᠠᠰᠤᠲᠠᠶᠢᠴᠤᠳ ᠢ ᠤᠷᠢ ᠵᠠᠯᠠᠭᠤ ᠨᠠᠰᠤᠨ ᠳᠠᠭᠠᠨ ᠬᠠᠷᠢᠭᠰᠠᠨ ᠰᠢᠭ᠋ ᠠᠶᠠᠰ ᠢᠶᠠᠷ | ᠬᠠᠩᠭᠢᠨᠠᠲᠠᠯ᠎ᠠ ᠳᠠᠭᠤᠯᠠᠵᠤ᠂ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠨ᠎ᠠ᠃ | ᠲᠤᠰ ᠤᠳᠠᠭᠠᠨ ᠤ ᠰᠣᠶᠣᠯ ᠤᠨ ᠣᠷᠳᠣᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠨᠠᠰᠤᠲᠠᠨ ᠢ ᠠᠰᠠᠷᠠᠬᠤ | ᠬᠦᠷᠢᠶᠡᠯᠡᠩ ᠳᠤ ᠬᠦᠷᠴᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠨᠠᠰᠤᠲᠠᠶᠢᠴᠤᠳ ᠤᠨ ᠤᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠨᠠᠰᠤᠲᠠᠨ ᠢᠶᠠᠨ ᠬᠦᠨᠳᠦᠯᠡᠬᠦ | ᠢᠳᠡᠪᠬᠢ ᠬᠦᠴᠦᠨ ᠢ ᠳᠠᠮᠵᠢᠭᠤᠯᠵᠠᠢ᠃ ᠰᠣᠶᠣᠯ ᠤᠨ ᠣᠷᠳᠣᠨ ︽ᠰᠣᠶᠣᠯ ᠢᠶᠠᠷ ᠬᠥᠮᠦᠰ ᠤᠨ ᠰᠡᠳᠬᠢᠯ ᠢ | ᠳᠤᠯᠠᠭᠠᠴᠠᠭᠤᠯᠬᠤ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠨᠠᠩ ᠣᠯᠠᠨ ᠬᠠᠪᠰᠤᠷᠬᠤ ᠴᠢᠬᠤᠯᠠᠲᠠᠶ ᠬᠥᠮᠦᠰ ᠲᠤ | ᠬᠠᠶᠢᠷ᠎ᠠ ᠬᠠᠯᠠᠮᠵᠢ ᠪᠠ ᠪᠠᠶᠠᠷ ᠪᠠᠶᠠᠰᠤᠯ ᠬᠦᠷᠭᠡᠵᠦ ᠥᠭᠭᠦᠨ᠎ᠡ᠃ |