ᠠᠰᠠᠷ ᠤᠨ ᠭᠤᠳᠤᠮᠵᠢ ᠳᠤ ︽ᠭᠡᠷᠡᠯ ᠨᠡᠮᠡᠵᠦ︾ ᠵᠣᠯ ᠵᠢᠷᠭᠠᠯ ᠳᠤ ︽ᠺᠣᠳ᠋ ᠨᠡᠮᠡᠵᠦ︾ ᠦᠭᠭᠦᠨ᠎ᠡ
ᠨᠡᠶᠢᠲᠡᠯᠡᠭᠰᠡᠨ ᠴᠠᠭ᠄
2024/10/14
      ᠬᠦᠳᠡᠯᠮᠦᠷᠢ 12 ᠵᠡᠭᠡᠯᠢ ᠭᠤᠳᠤᠮᠵᠢ 1990 ᠣᠨ ᠳᠤ ᠪᠠᠶᠢᠭᠤᠯᠤᠭᠳᠠᠵᠤ᠂ ᠦᠨᠦ ᠵᠢᠯ ᠤᠨ 4 ᠳ᠋ᠦ᠋ᠭᠡᠷ ᠰᠠᠷ᠎ᠠ ᠠᠴᠠ ᠬᠠᠭᠤᠴᠢᠨ ᠲᠣᠭᠤᠷᠢᠭ ᠢ ᠥᠭᠡᠷᠡᠴᠢᠯᠡᠨ ᠵᠠᠰᠠᠵᠤ ᠪᠠᠷᠢᠬᠤ ᠪᠠᠷᠢᠯᠭ᠎ᠠ ᠶᠢᠨ ᠠᠵᠢᠯ ᠡᠬᠢᠯᠡᠨ᠂  ︽ᠨᠠᠷᠢᠯᠢᠭ ᠬᠢᠵᠦ᠂ ᠰᠠᠶᠢᠲᠤᠷ ᠬᠢᠬᠦ︾᠎ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠶᠢᠨ ᠬᠡᠷᠡᠭ ᠵᠥᠪᠯᠡᠬᠦ ᠵᠥᠪᠳᠡᠯᠴᠡᠭᠡᠨ ᠤ ᠬᠤᠷᠠᠯ ᠬᠤᠷᠠᠯᠳᠤᠭᠤᠯᠵᠤ᠂ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠢᠳᠡᠪᠬᠢᠲᠡᠢ ᠰᠣᠨᠣᠰᠴᠤ᠂ ᠰᠠᠭᠤᠭᠠᠯᠢ ᠠᠷᠠᠳ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠬᠠᠮᠲᠤᠪᠠᠷ ᠵᠥᠪᠳᠡᠯᠴᠡᠪᠡ᠃      ᠲᠣᠰ ᠤᠳᠠᠭ᠎ᠠ ᠠᠰᠠᠷ ᠤᠨ ᠡᠭᠦᠳᠡ ᠶᠢ ᠰᠣᠯᠢᠬᠤ ᠳᠤ ᠣᠯᠠᠨ ᠢᠶᠠᠷ ᠢᠶᠠᠨ ᠢᠳᠡᠪᠬᠢᠲᠡᠶ ᠣᠷᠣᠯᠴᠠᠵᠤ᠂ ᠲᠣᠭᠲᠠᠭᠠᠭᠰᠠᠨ ᠦᠷ᠎ᠡ ᠪᠦᠲᠦᠭᠡᠯ ᠢ ᠬᠠᠮᠲᠤ ᠪᠠᠷ ᠵᠦᠪᠳᠡᠯᠴᠡᠪᠡ᠃ ᠥᠭᠡᠷᠡᠴᠢᠯᠡᠨ ᠪᠠᠶᠢᠭᠤᠯᠬᠤ ᠡᠮᠦᠨᠡᠬᠢ ᠬᠤᠭᠤᠴᠠᠭᠠᠨ ᠳᠤ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠬᠠᠭᠠᠯᠭ᠎ᠠ ᠶᠢ ᠬᠠᠭᠠᠭᠰᠠᠨ ᠤ ᠳᠠᠷᠠᠭᠠᠬᠢ ᠠᠰᠠᠷ ᠤᠨ ᠭᠤᠳᠤᠮᠵᠢ ᠨᠢ ᠳᠡᠩᠳᠡᠭᠦᠦ ᠬᠠᠷᠠᠩᠭᠤᠢ ᠭᠡᠳᠡᠭ ᠢ ᠨᠡᠶᠢᠳᠡᠮ ᠲᠤᠰᠬᠠᠵᠤ᠂ ᠰᠠᠭᠤᠭᠠᠯᠢ ᠠᠷᠠᠳ ᠤᠨ ᠭᠡᠷ ᠪᠦᠯᠢ ᠶᠢᠨ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠵᠢᠵᠢᠭ ᠲᠣᠭᠤᠷᠢᠭ᠂ ᠠᠰᠠᠷ ᠤᠨ ᠡᠭᠦᠳᠡ ᠲᠦᠢᠯ ᠤᠨ ᠴᠢᠬᠤᠯᠠ ᠪᠠᠶᠢᠵᠤ᠂ ᠠᠮᠤᠷ ᠲᠦᠪᠰᠢᠨ᠂ ᠭᠤᠶᠤ ᠰᠠᠶᠢᠬᠠᠨ ᠡᠭᠦᠳᠡ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠨᠠᠩ ᠰᠠᠭᠤᠭᠠᠯᠢ ᠠᠷᠠᠳ ᠎ ᠲᠤ ᠬᠠᠯᠠᠭᠤᠨ ᠳᠤᠯᠠᠭᠠᠨ᠂ ᠨᠠᠮ ᠵᠢᠮᠬᠡᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃      ᠲᠣᠰ ᠤᠳᠠᠭ᠎ᠠ ᠠᠰᠠᠷ ᠤᠨ ᠡᠭᠦᠳᠡ  ︽ᠰᠢᠨ᠎ᠡ ᠵᠠᠭᠪᠤᠷ︾᠎ ᠢ ᠰᠣᠯᠢᠭᠰᠠᠨ ᠶᠠᠪᠤᠳᠠᠯ ᠪᠣᠯ ᠨᠢᠭᠡᠨ ᠪᠠᠭ᠎ᠠ ᠶᠠᠪᠤᠳᠠᠯ ᠮᠥᠨ᠂ ᠪᠠᠰᠠ ᠴᠤ ᠨᠢᠭᠡᠨ ᠪᠣᠳᠠᠲᠤ ᠶᠠᠪᠤᠳᠠᠯ ᠮᠥᠨ᠃ ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠡᠯ᠎ᠡ ᠵᠦᠢᠯ ᠤᠨ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠵᠠᠩᠭᠢᠯᠠᠭ᠎ᠠ ᠶᠢᠨ ︽ᠪᠠᠭ᠎ᠠ ᠶᠠᠪᠤᠳᠠᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ︽ᠶᠡᠭᠡ ᠶᠠᠪᠤᠳᠠᠯ︾᠎ ᠢ ᠰᠠᠶᠢᠲᠤᠷ ᠬᠢᠵᠦ᠂ ︽ᠡᠪᠡᠷᠰᠢᠶᠡᠯ︾ ︽ᠲᠦᠭᠵᠢᠷᠡᠯ︾᠎ ᠢ ᠦᠨᠡᠨᠬᠦ ︽ᠬᠢᠯᠠᠰ ᠴᠡᠭ︾ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠨᠡᠩ ᠬᠠᠶᠢᠷ᠎ᠠ ᠰᠡᠳᠬᠢᠯᠭᠡ ᠲᠠᠢ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠩ ᠴᠢᠨᠠᠷ ᠰᠠᠶᠢᠲᠠᠢ ᠰᠠᠨᠠᠭᠳᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号