| | | | | ᠰᠤᠷᠪᠤᠯᠵᠢᠯᠠᠭᠰᠠᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠪᠠᠷ ︽ᠬᠤᠪᠢᠰᠬᠠᠯᠲᠤ ᠠᠳᠠᠯ ᠠᠬᠤᠶ︾ ᠶᠢ | ᠬᠦᠳᠦᠯᠦᠨ ᠳᠠᠭᠠᠭᠤᠯᠬᠤ ᠨᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠳᠤ ︽ᠰᠢᠨ᠎ᠡ ᠬᠥᠳᠡᠯᠭᠡᠬᠦ ᠬᠦᠴᠦᠨ︾ | ᠨᠡᠮᠡᠷᠢᠯᠡᠪᠡ | ᠰᠤᠷᠪᠤᠯᠵᠢᠯᠠᠭᠰᠠᠨ ᠴᠠᠭ᠄ 2024 ᠣᠨ ᠤ 9 ᠰᠠᠷ᠎ᠠ ᠶᠢᠨ 19 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠵᠤᠯ ᠵᠢᠷᠭᠠᠯᠲᠦ ᠵᠠᠮ ᠤᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠥᠭᠡᠳ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠡᠷᠬᠢᠯᠡᠭᠴᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠹᠧᠩ ᠸᠧᠨ ᠨᠠ | ᠲᠣᠪᠴᠢᠯᠠᠪᠠᠯ᠄ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠲᠤ ᠵᠡᠭᠦᠨ ᠠᠴᠠ | ᠬᠦᠳᠡᠯᠮᠦᠷᠢ ᠶᠡᠭᠡ ᠵᠡᠭᠡᠯᠢ ᠠᠴᠠ ᠡᠬᠢᠯᠡᠨ᠂ ᠪᠠᠷᠠᠭᠤᠨᠰᠢ ᠤᠷᠤᠭᠰᠢᠯᠠᠯᠲᠤ ᠵᠠᠮ ᠬᠦᠷᠴᠦ᠂ ᠤᠮᠠᠷᠠᠰᠢ ᠰᠣᠶᠣᠯ ᠵᠠᠮ ᠳᠤ | ᠬᠦᠷᠴᠦ᠂ ᠡᠮᠦᠨᠡᠰᠢ ᠪᠠᠨ ᠰᠢᠨᠵᠢᠯᠡᠬᠦ ᠤᠬᠠᠭᠠᠨᠴᠢ ᠵᠠᠮ ᠳᠤ ᠬᠦᠷᠴᠦ᠂ ᠵᠠᠰᠠᠭ ᠵᠠᠬᠢᠷᠭᠠᠨ ᠤ ᠣᠷᠣᠨ ᠤ ᠲᠠᠯᠠᠪᠠᠶ ᠨᠢ 2. | 14 ᠲᠡᠭᠰᠢ ᠳᠥᠷᠪᠡᠯᠵᠢᠨ ᠺᠢᠯᠤᠮᠧᠲᠷ ᠪᠠᠶᠢᠵᠦ᠂ ᠨᠡᠶᠢᠲᠡ 4 ᠨᠡᠶᠢᠭᠡᠮ ᠲᠣᠭᠤᠷᠢᠭ ᠤᠨ 12 ᠵᠢᠵᠢᠭ ᠲᠣᠭᠤᠷᠢᠭ᠂ | ᠬᠠᠷᠢᠶᠠᠲᠤ ᠣᠷᠣᠨ ᠤ ᠶᠡᠷᠦᠩᠬᠡᠶ ᠬᠥᠮᠦᠨ ᠠᠮᠠ 30147 ᠬᠥᠮᠦᠨ ᠪᠠᠶᠢᠨ᠎ᠠ᠃ ᠣᠶᠢᠷ᠎ᠠ ᠶᠢᠨ ᠵᠢᠯ ᠠᠴᠠ᠂ ᠵᠣᠯ | ᠵᠢᠷᠭᠠᠯᠲᠤ ᠵᠠᠮ ᠤᠨ ᠵᠡᠭᠡᠯᠢ ᠭᠤᠳᠤᠮᠵᠢ ᠨᠢ ᠢᠮᠠᠭᠲᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ | ᠵᠣᠷᠢᠯᠲᠠ ᠪᠠ ᠲᠤᠰᠤᠯᠲᠠ ᠪᠣᠯᠭᠠᠵᠤ᠂ ︽ᠬᠤᠪᠢᠰᠬᠠᠯᠲᠤ ᠠᠳᠠᠯ ᠠᠬᠤᠶ︾ ᠶᠢ ᠡᠭᠦᠳᠦᠨ ᠪᠠᠶᠢᠭᠤᠯᠬᠤ ᠠᠵᠢᠯ ᠢ | ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠬᠦᠴᠦᠯᠡᠨ | ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠪᠡ᠃ | 【 ᠬᠥᠲᠥᠯᠥᠭᠴᠢ 】 | ᠬᠠᠷᠢᠶᠠᠲᠤ ᠣᠷᠣᠨ ᠤ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠨᠡᠶᠢᠲᠡ 15 ᠣᠷᠣᠨ | ᠰᠠᠭᠤᠴᠠ ᠶᠢᠨ ᠲᠣᠭᠤᠷᠢᠭ ᠪᠠᠶᠢᠵᠤ᠂ 257 ᠣᠷᠣᠨ ᠰᠠᠭᠤᠴᠠ ᠶᠢᠨ ᠠᠰᠠᠷ ᠲᠠᠢ ᠬᠤᠯᠪᠣᠭᠳᠠᠵᠤ᠂ 18232 | ᠡᠷᠦᠬᠡ ᠪᠠᠶᠢᠨ᠎ᠠ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠨᠢ ᠣᠯᠠᠨ | ᠳᠠᠪᠬᠤᠷᠭ᠎ᠠ ᠪᠠ ᠵᠢᠵᠢᠭ ᠬᠠᠭᠤᠴᠢᠨ ᠲᠣᠭᠤᠷᠢᠭ ᠢᠶᠠᠷ ᠭᠤᠤᠯ ᠪᠣᠯᠭᠠᠵᠤ᠂ ᠵᠠᠷᠢᠮ ᠦᠨᠳᠦᠷ ᠳᠠᠪᠬᠤᠷᠲᠤ ᠠᠰᠠᠷ ᠨᠢ | ᠣᠶᠢᠷ᠎ᠠ ᠶᠢᠨ 10 ᠵᠢᠯ ᠤᠨ ᠳᠣᠲᠣᠷ᠎ᠠ ᠪᠠᠶᠢᠭᠤᠯᠤᠭᠰᠠᠨ ᠵᠢᠵᠢᠭ ᠲᠣᠭᠤᠷᠢᠭ ᠠᠴᠠ ᠭᠠᠳᠠᠨ᠎ᠠ᠂ ᠣᠯᠠᠩᠬᠢ ᠣᠷᠣᠨ | ᠰᠠᠭᠤᠴᠠ ᠶᠢᠨ ᠵᠢᠵᠢᠭ ᠲᠣᠭᠤᠷᠢᠭ ᠢ ᠳᠡᠭᠡᠷ᠎ᠡ ᠵᠠᠭᠤᠨ ᠳᠤ ᠪᠠᠶᠢᠭᠤᠯᠪᠠ᠃ ᠣᠳᠣᠬᠠᠨ ᠳᠤ᠂ ᠬᠠᠷᠢᠶ᠎ᠠ ᠣᠷᠣᠨ ᠤ ᠪᠣᠶ | ᠪᠥᠬᠦᠶ ᠣᠷᠣᠨ ᠰᠠᠭᠤᠴᠠ ᠶᠢᠨ ᠵᠢᠵᠢᠭ ᠲᠣᠭᠤᠷᠢᠭ ᠴᠥᠮ ᠵᠠᠬ᠎ᠠ ᠳᠡᠯᠭᠡᠭᠦᠷᠴᠢᠯᠡᠭᠰᠡᠨ ᠠᠳᠠᠯ ᠠᠬᠤᠶ ᠳᠤ ᠣᠷᠣᠵᠤ | ᠰᠠᠭᠤᠪᠠ᠃ 15 ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠨᠡᠶᠢᠲᠡ 13 ᠠᠵᠢᠯ ᠤᠨ ᠵᠥᠪᠯᠡᠯ᠂ 2 | ᠪᠣᠳᠠᠰ ᠤᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠪᠠ︔ ᠬᠤᠪᠢᠰᠬᠠᠯᠲᠤ ᠠᠳᠠᠯ ᠠᠬᠤᠶ ᠶᠢ 15 ᠪᠠᠶᠢᠭᠤᠯᠵᠤ᠂ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ︽ᠭᠤᠷᠪᠠᠨ 100%︾ ᠪᠠᠷ | ᠪᠦᠬᠦᠨ ᠢ ᠬᠠᠮᠤᠷᠬᠤ ᠶᠢ ᠪᠡᠶᠡᠯᠡᠭᠦᠯᠪᠡ᠃ | 【 ᠬᠥᠲᠥᠯᠥᠭᠴᠢ 】 | ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠨᠢ ᠥᠮᠴᠢᠲᠡᠨ ᠢ ᠬᠠᠪᠰᠤᠷᠤᠨ ᠰᠠᠨᠠᠭ᠎ᠠ ᠠᠮᠤᠷ ᠪᠥᠭᠡᠳ | ᠬᠠᠨᠤᠮᠵᠢᠲᠠᠶ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠳᠠᠲᠠᠶ ᠶᠠᠮᠠᠷ | ᠶᠠᠮᠠᠷ ᠠᠵᠢᠯ ᠬᠢᠭᠰᠡᠨ ᠪᠣᠶ︖ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠵᠢᠵᠢᠭ ᠲᠣᠭᠤᠷᠢᠭ ᠤᠨ ᠥᠮᠴᠢᠲᠡᠨ ᠢ ᠬᠠᠪᠰᠤᠷᠤᠨ ᠠᠳᠠᠯ ᠠᠬᠤᠶ ᠶᠢᠨ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠨᠠᠩ ᠰᠠᠶᠢᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠵᠣᠯ ᠵᠢᠷᠭᠠᠯᠲᠤ | ᠵᠠᠮ ᠤᠨ ᠵᠡᠭᠡᠯᠢ ᠭᠤᠳᠤᠮᠵᠢ ᠨᠢ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠪᠠᠷ ᠭᠠᠷᠳᠠᠴᠠ ᠪᠣᠯᠭᠠᠵᠤ᠂ | ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠥᠮᠴᠢᠲᠡᠨ ᠤ ᠨᠠᠶᠢᠳᠠᠯᠭ᠎ᠠ ᠶᠢ ᠬᠦᠯᠢᠶᠡᠵᠦ᠂ ᠵᠡᠭᠡᠯᠢ ᠭᠤᠳᠤᠮᠵᠢ ᠪᠠᠷ | ᠲᠦᠷᠦᠭᠦᠯᠡᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠥᠮᠴᠢᠲᠡᠨ ᠤ ᠰᠢᠭᠤᠳ | ᠰᠣᠩᠭᠤᠭᠤᠯᠢ ᠶᠢᠨ ᠠᠵᠢᠯ ᠢ ᠦᠷᠨᠢᠭᠦᠯᠪᠡ᠃ | ᠨᠢᠭᠡ ᠳᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ᠂ ᠯᠠᠪᠳᠠᠭᠤᠨ ᠢᠶᠠᠷ ᠠᠬᠢᠭᠤᠯᠬᠤ ᠶᠢ | ᠪᠠᠷᠢᠮᠲᠠᠯᠠᠵᠤ᠂ ︽ᠭᠤᠷᠪᠠᠨ ᠨᠢᠭᠡ︾ ᠶᠢᠨ ᠲᠣᠭᠤᠷᠢᠨ ᠳᠤ ᠠᠳᠠᠯ ᠠᠬᠤᠢ ᠶᠢ ᠰᠣᠩᠭᠤᠨ ᠤᠷᠢᠬᠤ ᠠᠵᠢᠯ ᠤᠨ ᠡᠮᠬᠢ | ᠵᠢᠷᠤᠮ ᠲᠠᠢ ᠥᠷᠨᠢᠭᠦᠯᠬᠦ ᠶᠢ ᠭᠤᠣᠯᠳᠠᠯᠭ᠎ᠠ ᠲᠠᠢ ᠠᠬᠢᠭᠤᠯᠵᠠᠢ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠥᠰᠦᠯ ᠲᠣᠭᠲᠠᠭᠠᠬᠤ᠂ ᠠᠵᠤ ᠠᠬᠤᠶᠢᠯᠠᠯ ᠤᠨ ᠬᠢᠷᠢ | ᠴᠢᠳᠠᠮᠵᠢ ᠪᠠ ᠠᠵᠢᠯ ᠤᠨ ᠠᠬᠢᠴᠠ ᠶᠢ ᠭᠦᠨᠵᠡᠭᠡᠶ ᠰᠤᠳᠤᠯᠵᠤ᠂ ︽ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ - | ᠲᠤᠬᠠᠶ ᠶᠢᠨ ᠭᠠᠵᠠᠷ ᠲᠤᠨᠢ ᠬᠠᠶᠢᠨ ᠰᠢᠯᠭᠠᠬᠤ - ᠲᠥᠪᠯᠡᠷᠡᠭᠦᠯᠦᠨ ᠰᠣᠩᠭᠤᠬᠤ︾ ᠭᠤᠷᠪᠠᠨ ᠠᠯᠬᠤᠮ ᠢᠶᠠᠷ ᠶᠠᠪᠤᠬᠤ | ᠬᠡᠷᠡᠭᠵᠢᠭᠦᠯᠬᠦ ᠲᠥᠰᠦᠯ ᠢ ᠪᠦᠷᠢᠯᠳᠦᠭᠦᠯᠵᠦ᠂ ᠠᠵᠢᠯ ᠤᠨ ᠠᠷᠭ᠎ᠠ ᠪᠠ ᠬᠡᠷᠡᠭᠵᠢᠭᠦᠯᠬᠦ ᠨᠠᠷᠢᠨ ᠲᠦᠷᠢᠮ ᠢ | ᠨᠠᠷᠢᠯᠢᠬᠵᠢᠭᠤᠯᠤᠨ᠂ ᠬᠢᠨᠠᠯᠲᠠ ᠲᠠᠯᠪᠢᠬᠤ ᠲᠣᠭᠲᠠᠴᠠ ᠶᠢ ᠵᠢᠷᠤᠮᠵᠢᠭᠤᠯᠪᠠ᠃ ᠰᠣᠩᠭᠤᠨ ᠤᠷᠢᠬᠤ ᠠᠵᠢᠯ ᠤᠨ | ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠰᠣᠩᠭᠤᠨ ᠤᠷᠢᠬᠤ ᠳᠤ ᠣᠷᠣᠯᠴᠠᠭᠰᠠᠨ | ᠠᠵᠢᠯᠲᠠᠳ ᠲᠤ ᠲᠥᠪᠯᠡᠷᠡᠭᠦᠯᠦᠨ ᠪᠣᠯᠪᠠᠰᠤᠷᠠᠭᠤᠯᠤᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠦᠵᠡᠯ ᠰᠠᠨᠠᠭ᠎ᠠ | ᠦᠢᠯᠡ ᠠᠵᠢᠯᠯᠠᠭ᠎ᠠ ᠪᠠᠨ ᠨᠢᠭᠡᠳᠬᠡᠨ᠂ ᠬᠠᠷᠢᠭᠤᠴᠠᠯᠭ᠎ᠠ ᠶᠢᠨ ᠬᠠᠷᠠᠯᠲᠠ ᠪᠠᠨ ᠲᠣᠳᠣᠷᠬᠠᠶᠢᠯᠠᠵᠤ᠂ ᠪᠠᠷᠢᠮᠵᠢᠶᠠᠲᠤ | ᠠᠵᠢᠯᠯᠠᠭ᠎ᠠ ᠲᠣᠭᠲᠠᠭᠠᠵᠤ᠂ ᠰᠣᠩᠭᠤᠨ ᠤᠷᠢᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠵᠦᠶ ᠶᠣᠰᠣᠴᠢ | ᠴᠢᠨᠠᠷ ᠲᠤ ᠴᠢᠬᠤᠯᠠ ᠪᠠᠲᠤᠯᠠᠭ᠎ᠠ ᠬᠠᠩᠭᠠᠵᠠᠢ᠃ | ᠬᠤᠶᠠᠷ ᠲᠤ᠂ ᠰᠣᠩᠭᠤᠨ ᠤᠷᠢᠬᠤ ᠠᠵᠢᠯ ᠤᠨ ᠥᠷᠭᠡᠴᠡ ᠪᠠ ᠭᠦᠨᠴᠡ ᠶᠢ ᠪᠠᠲᠤᠯᠠᠵᠤ᠂ ᠠᠳᠠᠯ ᠠᠬᠤᠶ ᠶᠢᠨ | ᠰᠢᠭᠦᠬᠦ ᠲᠢᠩᠬᠢᠮ ᠪᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠵᠢᠯ ᠤᠨ ᠠᠷᠭ᠎ᠠ ᠶᠢᠨ | ᠲᠤᠬᠠᠶ ᠢᠳᠡᠪᠬᠢᠲᠡᠶ ᠪᠠᠷ ᠭᠦᠨᠵᠡᠭᠡᠶ ᠨᠡᠪᠲᠡᠷᠡᠯᠴᠡᠪᠡ︔ ︽ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠨ | ᠲᠥᠯᠥᠪᠵᠢᠭᠦᠯᠬᠦ᠂ ᠥᠮᠴᠢᠲᠡᠨ ᠢᠳᠡᠪᠬᠢᠲᠡᠶ ᠣᠷᠣᠯᠴᠠᠬᠤ᠂ ᠬᠠᠤᠯᠢ ᠶᠢᠨ ᠶᠠᠪᠤᠳᠠᠯ ᠤᠨ ᠪᠥᠬᠦ ᠶᠠᠪᠤᠴᠠ ᠶᠢ ᠪᠠᠲᠤᠯᠠᠬᠤ︾ | ᠵᠠᠷᠴᠢᠮ ᠶᠣᠰᠣᠭᠠᠷ᠂ ᠰᠠᠭᠤᠭᠠᠯᠢ ᠠᠷᠠᠳ ᠤᠨ ᠵᠥᠪᠯᠡᠯ᠂ ᠠᠵᠢᠯ ᠦᠢᠯᠡᠰ ᠤᠨ ᠵᠥᠪᠯᠡᠯ᠂ ᠥᠮᠴᠢᠲᠡᠨ ᠤ | ᠲᠥᠯᠥᠭᠡᠯᠡᠭᠴᠢ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠣᠷᠣᠯᠴᠠᠭᠰᠠᠨ ᠬᠡᠷᠡᠭ ᠵᠥᠪᠯᠡᠬᠦ ᠵᠥᠪᠳᠡᠯᠴᠡᠬᠦ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠰᠠᠨᠠᠯ ᠰᠠᠨᠠᠭᠤᠯᠭ᠎ᠠ ᠬᠤᠷᠢᠶᠠᠵᠤ᠂ ᠥᠮᠴᠢᠲᠡᠨ ᠤ ᠠᠳᠠᠯ | ᠠᠬᠤᠶ ᠳᠤ ᠬᠠᠨᠤᠮᠵᠢᠲᠠᠶ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠥᠮᠴᠢᠲᠡᠨ ᠤ ᠣᠷᠣᠯᠴᠠᠬᠤ ᠬᠠᠯᠠᠭᠤᠨ | ᠰᠡᠳᠬᠢᠯᠭᠡ ᠶᠢ ᠲᠠᠰᠤᠷᠠᠯᠲᠠ ᠥᠬᠡᠶ ᠬᠦᠭᠵᠢᠭᠡᠵᠡᠢ᠃ | ᠭᠤᠷᠪᠠ ᠳᠤ᠂ ᠠᠳᠠᠯ ᠠᠬᠤᠶ ᠶᠢᠨ ᠠᠵᠤ ᠠᠬᠤᠶᠢᠯᠠᠯ ᠤᠨ ᠵᠢᠵᠢᠭ ᠲᠣᠭᠤᠷᠢᠭ ᠲᠤ ᠣᠷᠣᠵᠤ ᠰᠠᠭᠤᠬᠤ ᠶᠢ | ᠲᠦᠷᠭᠡᠬᠡᠨ ᠠᠬᠢᠭᠤᠯᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠬᠢᠨ ︽ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠰᠢᠰᠲ᠋ᠧᠮ ᠲᠠᠢ ᠪᠠᠷ ᠠᠬᠢᠭᠤᠯᠬᠤ︾ ᠵᠠᠷᠴᠢᠮ ᠶᠣᠰᠣᠭᠠᠷ᠂ ᠲᠤᠰᠬᠠᠶ ᠬᠥᠮᠦᠨ ᠢ ᠰᠢᠯᠵᠢᠭᠦᠯᠦᠨ ᠴᠤᠭᠯᠠᠭᠤᠯᠵᠤ ᠪᠢᠯᠧᠲ | ᠥᠭᠬᠦ ᠠᠵᠢᠯ ᠢ ᠪᠠᠲᠤᠯᠠᠵᠤ᠂ ᠭᠤᠤᠯ ᠤᠳᠤᠷᠢᠳᠤᠯᠭ᠎ᠠ ᠡᠳᠦᠷ ᠪᠦᠷᠢ ᠪᠢᠯᠧᠲ ᠥᠭᠬᠦ ᠳᠤ ᠣᠷᠣᠯᠴᠠᠭᠰᠠᠨ | ᠪᠠᠶᠢᠳᠠᠯ ᠳᠤ ᠲᠣᠬᠢᠷᠠᠭᠤᠯᠤᠯᠲᠠ ᠬᠢᠪᠠ᠃ ᠰᠤᠩᠭᠤᠯᠲᠠ ᠳᠤ ᠤᠷᠤᠭᠰᠠᠨ ᠠᠵᠤ ᠠᠬᠤᠶᠢᠯᠠᠯ ᠢ ᠡᠷᠲᠡᠬᠡᠨ ᠴᠢᠨᠠᠷ | ᠰᠠᠶᠢᠲᠠᠶ ᠦᠢᠯᠡᠴᠢᠯᠡᠭᠡ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠰᠠᠭᠤᠭᠠᠯᠢ ᠠᠷᠠᠳ ᠤᠨ ᠵᠥᠪᠯᠡᠯ᠂ ᠠᠵᠢᠯ | ᠦᠢᠯᠡᠰ ᠤᠨ ᠵᠥᠪᠯᠡᠯ ᠪᠣᠯᠤᠨ ᠠᠵᠤ ᠠᠬᠤᠶᠢᠯᠠᠯ ᠳᠤ ᠤᠷᠤᠭᠰᠠᠨ ᠠᠵᠤ ᠠᠬᠤᠶᠢᠯᠠᠯ ᠢ ᠣᠯᠠᠨ ᠤᠳᠠᠭ᠎ᠠ ᠵᠣᠬᠢᠶᠠᠨ | ᠪᠠᠶᠢᠭᠤᠯᠵᠤ ᠶᠠᠷᠢᠯᠴᠠᠨ ᠰᠣᠯᠢᠯᠴᠠᠵᠤ᠂ ᠪᠣᠳᠠᠲᠠᠶ ᠦᠢᠯᠡᠴᠢᠯᠡᠭᠡᠨ ᠤ ᠨᠠᠷᠢᠨ ᠵᠦᠢᠯᠡᠰ᠂ ᠣᠷᠣᠵᠤ ᠰᠠᠭᠤᠬᠤ ᠴᠠᠭ ᠵᠢᠴᠢ | ᠲᠤᠰᠢᠶᠠᠵᠤ ᠬᠦᠯᠢᠶᠡᠨ ᠠᠪᠬᠤ ᠵᠦᠢᠯᠡᠰ ᠤᠨ ᠲᠤᠬᠠᠶ ᠭᠦᠨᠵᠡᠭᠡᠶ ᠶᠠᠷᠢᠯᠴᠠᠵᠤ᠂ ︽ᠰᠢᠨ᠎ᠡ ᠬᠠᠮᠢᠶᠠᠷᠤᠭᠴᠢ︾ ᠶᠢᠨ | ᠰᠠᠭᠤᠭᠠᠯᠢ ᠠᠷᠠᠳ ᠤᠨ ᠲᠣᠭᠤᠷᠢᠭ ᠲᠤ ᠤᠷᠤᠭᠰᠢᠲᠠᠶ ᠣᠷᠣᠵᠤ ᠰᠠᠭᠤᠬᠤ ᠦᠢᠯᠡᠴᠢᠯᠡᠭᠡ ᠥᠷᠨᠢᠭᠦᠯᠬᠦ ᠳᠤ | ᠬᠤᠷᠳᠤᠴᠠ ᠶᠢᠨ ᠪᠠᠲᠤᠯᠠᠭ᠎ᠠ ᠬᠠᠩᠭᠠᠵᠠᠢ᠃ | ᠳᠥᠷᠪᠡ ᠳᠤ ᠰᠣᠩᠭᠤᠨ ᠤᠷᠢᠬᠤ ᠠᠵᠢᠯ ᠤᠨ ᠦᠨᠡᠨ ᠪᠣᠳᠠᠲᠤ ᠴᠢᠨᠠᠷ ᠪᠠ ᠲᠥᠪ ᠭᠤᠤᠯᠴᠢ ᠴᠢᠨᠠᠷ ᠢ | ᠦᠨᠡᠨ ᠬᠦ ᠪᠠᠲᠤᠯᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠬᠢᠨ ᠳᠣᠲᠣᠭᠠᠳᠤ ᠳᠠᠭᠠᠨ ᠬᠢᠨᠠᠯᠲᠠ ᠲᠠᠯᠪᠢᠵᠤ᠂ | ᠭᠠᠳᠠᠭᠰᠢ ᠪᠠᠲᠤᠯᠠᠭ᠎ᠠ ᠲᠠᠢ ᠪᠠᠶᠢᠬᠤ ᠶᠢ ᠢᠮᠠᠭᠲᠠ ᠪᠠᠷᠢᠮᠲᠠᠯᠠᠪᠠ᠃ ᠲᠤᠲᠤᠭᠠᠲᠦ ᠳᠤ᠂ ᠲᠥᠰᠦᠯ ᠢ ᠨᠡᠶᠢᠲᠡᠯᠡᠬᠦ᠂ | ᠪᠢᠯᠧᠲ ᠥᠭᠭᠦᠭᠰᠡᠨ ᠦᠷ᠎ᠡ ᠳ᠋ᠦᠩ ᠢ ᠨᠡᠶᠢᠲᠡᠯᠡᠬᠦ ᠵᠡᠷᠭᠡ ᠠᠭᠤᠯᠭ᠎ᠠ ᠨᠢ ᠴᠥᠮ ᠵᠢᠵᠢᠭ ᠲᠣᠭᠤᠷᠢᠭ ᠤᠨ ᠠᠯᠪᠠᠨ | ᠵᠠᠷ ᠤᠨ ᠪᠤᠯᠤᠩ ᠪᠠ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠳᠤ ᠠᠯᠪᠠᠨ ᠵᠠᠷ ᠨᠡᠶᠢᠲᠡᠯᠡᠵᠦ᠂ ᠪᠢᠯᠧᠲ | ᠥᠭᠬᠦ ᠪᠠ ᠪᠢᠯᠧᠲ ᠨᠢᠭᠡᠳᠭᠡᠬᠦ ᠭᠤᠭᠴᠤᠭ᠎ᠠ ᠳᠤ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠤᠨ ᠪᠦᠬᠦ | ᠶᠠᠪᠤᠴᠠ ᠶᠢᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠪᠡ᠃ ᠭᠠᠳᠠᠭᠰᠢ ᠪᠠᠨ ᠰᠣᠩᠭᠤᠭᠤᠯᠢ ᠶᠢᠨ ᠦᠷ᠎ᠡ | ᠳ᠋ᠦᠩ ᠤᠨ ᠲᠥᠪ ᠭᠤᠣᠯᠴᠢ ᠴᠢᠨᠠᠷ ᠢ ᠪᠠᠲᠤᠯᠠᠬᠤ ᠶᠢᠨ ᠲᠥᠯᠥᠭᠡ᠂ ᠠᠯᠪᠠᠨ ᠭᠡᠷᠡᠴᠢᠯᠡᠭᠡ ᠶᠢᠨ ᠭᠠᠵᠠᠷ ᠢ ᠤᠷᠢᠵᠤ | ᠰᠣᠩᠭᠤᠭᠤᠯᠢ ᠶᠢᠨ ᠠᠵᠢᠯ ᠤᠨ ᠵᠣᠬᠢᠶᠠᠨ ᠪᠠᠶᠢᠭᠤᠯᠤᠯᠲᠠ ᠠᠴᠠ ᠪᠢᠯᠧᠲ ᠥᠭᠬᠦ ᠢᠯᠡ ᠪᠠᠷ ᠪᠢᠯᠧᠲ ᠳᠠᠭᠤᠳᠠᠬᠤ | ᠬᠦᠷᠲᠡᠯᠡᠬᠢ ᠪᠦᠬᠦ ᠶᠠᠪᠤᠴᠠ ᠠᠯᠪᠠᠨ ᠭᠡᠷᠡᠴᠢᠯᠡᠭᠡ ᠪᠠᠷ ᠰᠣᠩᠭᠤᠭᠤᠯᠢ ᠶᠢᠨ ᠦᠷ᠎ᠡ ᠳ᠋ᠦᠩ ᠤᠨ ᠦᠨᠡᠨ ᠪᠣᠳᠠᠲᠤ | ᠴᠢᠨᠠᠷ ᠲᠤ ᠪᠠᠲᠤᠯᠠᠭ᠎ᠠ ᠬᠠᠩᠭᠠᠵᠠᠢ᠃ | 【 ᠬᠥᠲᠥᠯᠥᠭᠴᠢ 】 | ᠨᠠᠮ ᠤᠨ ᠪᠠᠶᠢᠭᠤᠯᠤᠯᠲᠠ ᠨᠢ ᠠᠳᠠᠯ ᠠᠬᠤᠶ ᠶᠢᠨ ᠦᠢᠯᠡᠴᠢᠯᠡᠭᠡ ᠶᠢ ᠲᠠᠰ ᠳᠡᠪᠰᠢᠭᠦᠯᠬᠦ ᠶᠢ ᠬᠥᠲᠥᠯᠦᠨ | ᠳᠠᠭᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠣᠶᠢᠷ᠎ᠠ ᠶᠢᠨ ᠵᠢᠯ ᠠᠴᠠ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠨᠢ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠪᠠᠷ ᠵᠣᠷᠢᠯᠲᠠ ᠪᠠ ᠲᠤᠰᠤᠯᠲᠠ ᠪᠣᠯᠭᠠᠵᠤ᠂ ︽ᠬᠤᠪᠢᠰᠬᠠᠯᠲᠤ ᠠᠳᠠᠯ ᠠᠬᠤᠶ︾ ᠶᠢ ᠡᠭᠦᠳᠦᠨ | ᠪᠠᠶᠢᠭᠤᠯᠬᠤ ᠠᠵᠢᠯ ᠢ ᠲᠠᠰᠤᠷᠠᠯᠲᠠ ᠥᠬᠡᠶ ᠠᠬᠢᠭᠤᠯᠵᠤ᠂ ︽ᠠᠳᠠᠯ ᠠᠬᠤᠶ ᠶᠢᠨ ᠨᠠᠰᠤᠵᠢᠯ︾ ᠤᠨ ᠦᠢᠯᠡᠴᠢᠯᠡᠭᠡᠨ ᠤ | ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠣᠯᠠᠨ ᠲᠦᠮᠡᠨ ᠤ ᠳᠡᠷᠭᠡᠳᠡᠬᠢ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠬᠦᠴᠦᠯᠡᠨ ᠰᠢᠢᠳᠪᠦᠷᠢᠯᠡᠵᠦ᠂ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ | ᠨᠢᠭᠡ ᠳᠤ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠣᠯᠠᠨ ᠶᠠᠩᠵᠤ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠦᠯᠲᠡ ᠪᠣᠯᠭᠠᠵᠤ᠂ ︽ᠬᠤᠪᠢᠰᠬᠠᠯᠲᠤ ᠠᠳᠠᠯ ᠠᠬᠤᠶ︾ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ︽ᠴᠢᠩᠱᠠᠨ | ᠲᠣᠭᠤᠷᠢᠭ ᠤᠨᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ᠂ ᠠᠵᠢᠯ ᠦᠢᠯᠡᠰ ᠤᠨ ᠵᠥᠪᠯᠡᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ︿ᠭᠤᠷᠪᠠᠨ | ᠲᠠᠯ᠎ᠠ﹀ ᠶᠢᠨ ᠵᠥᠪᠯᠡᠬᠦ ᠬᠡᠷᠡᠭ ᠵᠥᠪᠯᠡᠬᠦ ᠲᠦᠷᠢᠮ︾ ᠢ ᠲᠣᠭᠲᠠᠭᠠᠵᠤ᠂ ︽ᠭᠤᠷᠪᠠᠨ ᠲᠠᠯ᠎ᠠ︾ ᠶᠢᠨ ᠬᠡᠷᠡᠭ ᠵᠥᠪᠯᠡᠬᠦ | ᠺᠣᠮᠢᠰ ᠤᠨ ᠠᠵᠢᠯᠲᠠᠨ ᠤ ᠪᠣᠷᠣ ᠲᠥᠯᠥᠪ᠂ ᠬᠡᠷᠡᠭ ᠵᠥᠪᠯᠡᠬᠦ ᠬᠡᠪᠴᠢᠶ᠎ᠡ ᠶᠢ ᠲᠣᠳᠣᠷᠬᠠᠶᠢᠯᠠᠵᠤ᠂ ᠥᠮᠴᠢᠲᠡᠨ ᠤ | ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠢᠢᠳᠪᠦᠷᠢᠯᠡᠬᠦ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠵᠤ᠂ ᠡᠨᠡ ᠵᠢᠯ ︽ᠭᠤᠷᠪᠠᠨ | ᠡᠲᠡᠭᠡᠳ︾ ᠤᠨ ᠬᠡᠷᠡᠭ ᠵᠥᠪᠯᠡᠬᠦ ᠵᠥᠪᠳᠡᠯᠴᠡᠬᠦ ᠬᠤᠷᠠᠯ ᠢ ᠨᠡᠶᠢᠲᠡ 22 ᠤᠳᠠᠭ᠎ᠠ ᠬᠤᠷᠠᠯᠳᠤᠭᠤᠯᠪᠠ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠡᠯ᠎ᠡ ᠠᠳᠠᠯ ᠠᠬᠤᠶ ᠶᠢᠨ | ᠵᠢᠵᠢᠭ ᠲᠣᠭᠤᠷᠢᠭ ᠲᠤ ︽ᠭᠤᠷᠪᠠᠨ ᠡᠲᠡᠭᠡᠳ︾ ᠤᠨ ᠰᠣᠯᠪᠢᠴᠠᠨ ᠲᠤᠰᠢᠶᠠᠯ ᠡᠭᠦᠷᠭᠡᠯᠡᠬᠦ ᠲᠣᠭᠲᠠᠭᠠᠯ ᠢ ᠪᠠᠭᠤᠯᠭᠠᠵᠤ᠂ | ᠵᠠᠰᠠᠯᠲᠠ ᠶᠢᠨ ᠬᠠᠮᠲᠤ ᠶᠢᠨ ᠴᠣᠭᠴᠠ ᠶᠢ ᠪᠣᠶ ᠪᠣᠯᠭᠠᠵᠤ᠂ ︽ᠵᠢᠵᠢᠭ ᠲᠣᠭᠤᠷᠢᠭ ᠤᠨ ᠨᠠᠮ ᠤᠨ ᠡᠭᠦᠷ ᠤᠨ | ᠥᠮᠴᠢᠲᠡᠨ ᠤ ᠵᠥᠪᠯᠡᠯ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠠᠳᠠᠯ ᠠᠬᠤᠶ ᠶᠢᠨ ᠠᠵᠢᠯᠲᠠᠨ︾ ᠭᠡᠬᠦ | ︽ᠬᠤᠪᠢᠰᠬᠠᠯᠲᠤ ᠠᠳᠠᠯ ᠠᠬᠤᠶ︾ ᠳᠥᠷᠪᠡᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠪᠠ ᠠᠳᠠᠯ ᠠᠬᠤᠶ ᠶᠢᠨ ᠦᠢᠯᠡᠴᠢᠯᠡᠭᠡᠨ ᠤ ᠬᠦᠴᠢᠷ | ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ | ᠰᠡᠵᠢᠭᠦᠷ︾ ᠢ ᠨᠡᠪᠲᠡᠷᠡᠭᠦᠯᠵᠡᠢ᠃ | ᠬᠤᠶᠠᠷ ᠲᠤ᠂ ︽ᠠᠰᠠᠷ ᠲᠠᠭᠲᠤ ᠶᠢᠨ ᠬᠦᠷᠢᠶ᠎ᠡ ᠡᠪᠳᠡᠬᠦ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ︾ ᠪᠠᠷ ᠣᠨᠣᠯᠵᠢᠬᠤᠨ ᠪᠣᠯᠭᠠᠵᠤ᠂ ︽ᠭᠡᠷ ᠲᠤᠨᠢ ᠬᠦᠷᠴᠦ | ᠦᠢᠯᠡᠴᠢᠯᠡᠬᠦ ᠬᠤᠯᠪᠣᠭ᠎ᠠ︾ ᠶᠢᠨ ᠠᠳᠠᠯ ᠠᠬᠤᠶ ᠶᠢᠨ ᠦᠢᠯᠡᠴᠢᠯᠡᠭᠡᠨ ᠤ ᠰᠡᠳᠬᠢᠮᠵᠢ ᠶᠢ ᠳᠤᠷᠠᠳᠴᠤ᠂ ᠶᠦᠩ ᠱᠧᠩ | ᠴᠧᠩ ᠠᠳᠠᠯ ᠠᠬᠤᠶ ᠶᠢᠨ ᠺᠣᠮᠫᠠᠨᠢ ᠵᠡᠷᠭᠡ ᠪᠤᠭᠤᠲᠤ ᠶᠢᠨ ᠲᠤᠬᠠᠶ ᠶᠢᠨ ᠭᠠᠵᠠᠷ ᠤᠨ ᠰᠦᠯᠵᠢᠶᠡᠨ ᠭᠠᠳᠠᠨᠠᠬᠢ | ᠦᠢᠯᠡᠴᠢᠯᠡᠭᠡᠨ ᠤ ᠨᠠᠷᠠᠲᠤ ᠲᠡᠮᠳᠡᠭ ᠲᠠᠢ ᠬᠤᠯᠪᠣᠭᠠᠯᠠᠨ᠂ ᠰᠠᠭᠤᠭᠠᠯᠢ ᠠᠷᠠᠳ ᠤᠨ ᠦᠢᠯᠡᠴᠢᠯᠡᠭᠡᠨ ᠤ ︽ᠡᠴᠦᠰ ᠤᠨ | ᠨᠢᠭᠡ ᠺᠢᠯᠤᠮᠧᠲᠷ︾ ᠢ ᠰᠢᠢᠳᠪᠦᠷᠢᠯᠡᠬᠦ ᠪᠠᠷ ᠵᠣᠷᠢᠯᠭ᠎ᠠ ᠪᠣᠯᠭᠠᠵᠤ᠂ ᠶᠦᠩ ᠱᠧᠩ ᠴᠧᠩ ᠬᠡᠲᠦ ᠳᠡᠯᠭᠡᠭᠦᠷ᠂ ᠶᠦᠩ | ᠱᠧᠩ ᠴᠧᠩ ᠰᠢᠯᠢᠳᠡᠭ ᠰᠣᠩᠭᠤᠭᠳᠠᠭᠰᠠᠨ ᠵᠡᠷᠭᠡ ᠨᠠᠷᠠᠲᠤ ᠲᠡᠮᠳᠡᠭᠲᠦ ᠶᠢᠨ ᠬᠠᠮᠤᠷᠬᠤ ᠬᠦᠴᠦᠨ ᠲᠠᠢ | ᠤᠶᠠᠯᠳᠤᠭᠤᠯᠤᠨ᠂ ︽ᠶᠦᠩ ᠱᠧᠩ ᠴᠧᠩ ᠠᠳᠠᠯ ᠠᠬᠤᠶ ᠬᠠᠮᠢᠶᠠᠷᠤᠭᠴᠢ︾ ᠶᠢᠨ ᠴᠢᠨᠠᠷ ᠰᠠᠶᠢᠲᠠᠶ ᠠᠳᠠᠯ ᠠᠬᠤᠶ ᠶᠢᠨ | ᠦᠢᠯᠡᠴᠢᠯᠡᠭᠡᠨ ᠤ ᠬᠢᠷᠢ ᠲᠦᠪᠰᠢᠨ ᠢ ᠭᠦᠢᠴᠡᠳ ᠠᠰᠢᠭᠯᠠᠨ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡ ᠵᠢᠴᠢ ᠨᠠᠰᠤᠵᠢᠯ ᠤᠨ ᠦᠢᠯᠡᠴᠢᠯᠡᠭᠡᠨ ᠤ ᠦᠢᠯᠡᠳᠭᠦᠨ ᠢ ᠭᠠᠷᠭᠠᠵᠤ᠂ ᠵᠢᠵᠢᠭ | ᠲᠣᠭᠤᠷᠢᠭ ᠤᠨ ᠰᠠᠭᠤᠭᠠᠯᠢ ᠠᠷᠠᠳ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠠᠢ᠃ | ᠭᠤᠷᠪᠠ ᠳᠤ᠂ ︽ᠠᠳᠠᠯ ᠠᠬᠤᠶ ᠶᠢᠨ ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ ᠵᠠᠭᠪᠤᠷ ᠢ | ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠳᠠᠪᠠᠭᠤᠯᠢᠭ ᠲᠤ ᠲᠦᠰᠢᠭᠯᠡᠨ᠂ | ᠰᠠᠶᠢᠨ ᠵᠠᠮ ᠤᠨ ᠳᠣᠯᠣᠳᠤᠭᠠᠷ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠳᠠᠯ | ᠠᠬᠤᠶ ᠶᠢᠨ ᠬᠡᠪᠰᠢᠭᠰᠡᠨ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠡᠮᠦᠨᠡᠬᠢ ᠬᠤᠭᠤᠴᠠᠭᠠᠨ ᠳᠤ ᠰᠠᠭᠤᠭᠠᠯᠢ | ᠠᠷᠠᠳ ᠤᠨ ᠨᠠᠰᠤᠨ ᠤ ᠪᠦᠲᠦᠴᠡ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠪᠠᠶᠢᠳᠠᠯ ᠳᠤ ᠭᠦᠢᠴᠡᠳ ᠪᠠᠶᠢᠴᠠᠭᠠᠨ | ᠰᠤᠳᠤᠯᠤᠯᠲᠠ ᠬᠢᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨᠬᠠᠭᠤᠴᠢᠨ ᠲᠣᠭᠤᠷᠢᠭ ᠢ ᠥᠭᠡᠷᠡᠴᠢᠯᠡᠨ | ᠪᠠᠶᠢᠭᠤᠯᠵᠤ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠤᠨ ᠪᠠᠶᠢᠳᠠᠯ ᠲᠠᠢ | ᠤᠶᠠᠯᠳᠤᠭᠤᠯᠤᠨ᠂ ᠨᠠᠰᠤᠲᠠᠶᠢᠴᠤᠳ ᠲᠤ ᠦᠢᠯᠡᠴᠢᠯᠡᠬᠦ ᠪᠠᠷ ᠪᠠᠷᠢᠮᠵᠢᠶ᠎ᠠ ᠪᠣᠯᠭᠠᠭᠰᠠᠨ ᠨᠠᠰᠤᠲᠠᠨ ᠢ ᠲᠤᠰᠠᠯᠠᠬᠤ | ᠬᠤᠭᠤᠯᠠᠨ ᠬᠡᠷ᠂ ᠬᠡᠲᠦ ᠳᠡᠯᠭᠡᠭᠦᠷ ᠤᠨ ᠪᠠᠷᠠᠭ᠎ᠠ ᠬᠤᠳᠠᠯᠳᠤᠨ ᠠᠪᠬᠤ ᠪᠠ ᠡᠷᠡᠭᠦᠯᠵᠢᠯ ᠰᠤᠪᠢᠯᠠᠯᠲᠠ ᠶᠢᠨ ᠹᠢᠽᠢᠺ | ᠵᠠᠰᠠᠯ ᠵᠡᠷᠭᠡ ᠣᠯᠠᠨ ᠴᠢᠳᠠᠮᠵᠢ ᠲᠠᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ ᠠᠳᠠᠯ ᠠᠬᠤᠶ ᠶᠢᠨ ᠤᠯᠠᠮᠵᠢᠯᠠᠯᠲᠤ | ︽ᠬᠠᠮᠢᠶᠠᠷᠤᠯᠲᠠ︾ ᠠᠴᠠ ︽ᠦᠢᠯᠡᠴᠢᠯᠡᠭᠡ︾ ᠳᠠᠰᠢ ᠬᠤᠪᠢᠷᠠᠭᠤᠯᠬᠤ ᠶᠢ ᠪᠦᠲᠦᠮᠵᠢᠲᠡᠶ ᠠᠬᠢᠭᠤᠯᠵᠠᠢ᠃ |