ᠴᠢᠩᠱᠠᠨ ᠲᠣᠭᠤᠷᠢᠭ ᠤᠨ ︽ᠬᠠᠪᠴᠢᠮᠠᠯ ᠪᠠᠶᠢᠰᠢᠩ︾ ᠥᠭᠡᠷᠡᠴᠢᠯᠡᠬᠦ ᠲᠥᠷᠥᠯ ᠵᠦᠢᠯ ᠲᠤᠰᠢᠶᠠᠪᠠ
ᠨᠡᠶᠢᠲᠡᠯᠡᠭᠰᠡᠨ ᠴᠠᠭ᠄
2024/10/14
      9 ᠰᠠᠷ᠎ᠠ ᠶᠢᠨ 30 ᠤ ᠡᠳᠦᠷ᠂ ᠴᠢᠩᠱᠠᠨ ᠲᠣᠭᠤᠷᠢᠭ ᠤᠨ ︽ᠬᠠᠪᠴᠢᠮᠠᠯ ᠪᠠᠶᠢᠰᠢᠩ︾ ᠢ ᠥᠭᠡᠷᠡᠴᠢᠯᠡᠨ ᠲᠥᠪᠯᠡᠷᠡᠭᠦᠯᠦᠨ ᠲᠥᠪᠬᠢᠨᠡᠭᠦᠯᠬᠦ ᠲᠥᠷᠥᠯ ᠵᠦᠢᠯ᠂ ᠲᠤᠬᠠᠶᠢᠯᠠᠪᠠᠯ ᠯᠢᠦ ᠾᠧ ᠵᠢᠶᠠ ᠶᠤᠸᠠᠨ ᠲᠥᠷᠥᠯ ᠵᠦᠢᠯ ᠵᠢᠩᠬᠢᠨᠢ ᠪᠠᠷ ᠲᠤᠰᠢᠶᠠᠨ ᠥᠭᠴᠦ᠂ 166 ᠡᠷᠦᠬᠡ ︽ᠬᠠᠪᠴᠢᠮᠠᠯ ᠪᠠᠶᠢᠰᠢᠩ ᠢ ᠥᠭᠡᠷᠡᠴᠢᠯᠡᠬᠦ︾ ᠰᠠᠭᠤᠭᠠᠯᠢ ᠠᠷᠠᠳ ᠰᠢᠨ᠎ᠡ ᠭᠡᠷ ᠤᠨ ᠲᠦᠯᠬᠢᠭᠦᠷ ᠢ ᠲᠣᠭᠲᠠᠭᠰᠠᠨ ᠬᠤᠭᠤᠴᠠᠭᠠᠨ ᠳᠤ ᠣᠯᠬᠤ ᠪᠣᠯᠤᠨ᠎ᠠ᠃ ᠡᠭᠦᠨ ᠤ ᠬᠠᠮᠲᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠨᠢ ᠴᠦ ᠨᠢᠭᠡᠨᠲᠡ ᠭᠦᠢᠴᠡᠳᠬᠡᠨ ᠳᠠᠭᠤᠰᠬᠠᠵᠤ᠂ ︽ᠬᠡᠷ ᠪᠠᠶᠢᠰᠢᠩ ᠢᠶᠠᠨ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠠᠮᠠᠯᠠᠯᠲᠠ ᠶᠢ ᠪᠡᠶᠡᠯᠡᠭᠦᠯᠪᠡ᠃      ︽ᠬᠠᠪᠴᠢᠮᠠᠯ ᠪᠠᠶᠢᠰᠢᠩ︾ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠣᠯ ᠪᠤᠭᠤᠲᠤ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠪᠡᠯᠭᠡ ᠲᠡᠮᠳᠡᠭ ᠤᠨ ᠴᠢᠨᠠᠷᠲᠠᠶ ᠠᠵᠢᠯ ᠪᠣᠯᠤᠨ᠎ᠠ᠃ ᠥᠭᠡᠷᠡᠴᠢᠯᠡᠨ ᠰᠢᠨᠡᠳᠬᠡᠬᠦ ᠡᠲᠡᠭᠡᠳ ᠪᠣᠯ ᠪᠤᠭᠤᠲᠤ ᠬᠤᠲᠠ ᠶᠢᠨ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷ᠎ᠠ ᠨᠢᠭᠡᠨᠲᠡ ᠪᠦᠬᠦᠯᠢ ᠴᠣᠭᠴᠠ ᠪᠠᠷ ᠨᠢ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠳᠤᠮᠳᠠ ᠦᠯᠡᠳᠡᠭᠡᠭᠰᠡᠨ ᠡᠵᠡᠯᠡᠬᠦ ᠲᠠᠯᠠᠪᠠᠶ ᠨᠢ ᠪᠠᠭ᠎ᠠ᠂ ᠨᠡᠭᠡᠭᠡᠯᠲᠡ ᠬᠢᠬᠦ ᠦᠨ᠎ᠡ ᠥᠷᠲᠡᠭ ᠨᠢ ᠳᠣᠤᠷ᠎ᠠ᠂ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷ᠎ᠡ ᠬᠠᠷᠠᠬᠠᠨ ᠨᠤᠷᠠᠭᠠᠭᠠᠳᠤᠶ ᠨᠤᠷᠠᠬᠤ ᠠᠶᠤᠯ ᠲᠠᠢ ᠬᠠᠭᠤᠴᠢᠨ ᠭᠡᠷ ᠪᠠᠶᠢᠰᠢᠩ ᠤᠨ ᠣᠷᠣᠨ ᠰᠠᠭᠤᠴᠠ ᠪᠣᠯᠤᠨ᠎ᠠ᠃ ᠪᠥᠬᠦ ᠬᠤᠲᠠ ᠳᠤ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠭᠰᠡᠨ 33 ︽ᠬᠠᠪᠴᠢᠮᠠᠯ ᠪᠠᠶᠢᠰᠢᠩ︾ ᠤᠨ ᠲᠥᠷᠥᠯ ᠵᠦᠢᠯ ᠳᠤ ᠬᠤᠯᠪᠣᠭᠳᠠᠬᠤ 539 ᠡᠷᠦᠬᠡ ᠰᠠᠭᠤᠭᠠᠯᠢ ᠠᠷᠠᠳ ᠤᠨ ᠳᠣᠲᠣᠷ᠎ᠠ᠂ ᠴᠢᠩᠱᠠᠨ ᠲᠣᠭᠤᠷᠢᠭ ᠤᠨ 17 ᠲᠥᠷᠥᠯ ᠵᠦᠢᠯ ᠤᠨ 172 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 8413.44 ᠲᠡᠭᠰᠢ ᠳᠥᠷᠪᠡᠯᠵᠢᠨ ᠮᠧᠲᠷ ᠪᠣᠯᠤᠨ᠎ᠠ᠃ ᠴᠢᠩᠱᠠᠨ ᠲᠣᠭᠤᠷᠢᠭ ᠤᠨ ᠯᠢᠦ ᠾᠧ ᠵᠢᠶᠠ ᠶᠤᠸᠠᠨ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠤᠤᠯ ᠤᠨ ᠰᠢᠨ᠎ᠡ ᠪᠠᠷ ᠪᠠᠢᠭᠤᠯᠤᠭᠰᠠᠨ ᠯᠢᠦ ᠾᠧ ᠵᠢᠶᠠ ᠶᠤᠸᠠᠨ ᠲᠥᠷᠥᠯ ᠵᠦᠢᠯ ᠪᠣᠯ ᠴᠢᠩᠱᠠᠨ ᠲᠣᠭᠤᠷᠢᠭ ᠤᠨ ᠬᠠᠪᠴᠢᠮᠠᠯ ᠪᠠᠶᠢᠰᠢᠩ ᠢ ᠥᠭᠡᠷᠡᠴᠢᠯᠡᠨ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠪᠣᠯᠤᠨ᠎ᠠ᠂ ᠰᠠᠶᠢᠬᠠᠨ ᠵᠠᠮ ᠠᠴᠠ ᠪᠠᠷᠠᠭᠤᠨᠰᠢ᠂ ᠭᠡᠷᠡᠯ ᠭᠡᠭᠡ ᠵᠠᠮ ᠠᠴᠠ ᠵᠡᠭᠦᠨᠰᠢ᠂ 2024 ᠣᠨ ᠤ 8 ᠰᠠᠷ᠎ᠠ ᠶᠢᠨ 23 ᠤ ᠡᠳᠦᠷ ᠪᠠᠷᠢᠯᠭ᠎ᠠ ᠳᠠᠭᠤᠰᠴᠤ ᠰᠢᠯᠭᠠᠨ ᠠᠪᠴᠤ᠂ 8 ᠰᠠᠷ᠎ᠠ ᠶᠢᠨ 29 ᠤ ᠡᠳᠦᠷ ᠤᠯᠤᠰ ᠤᠨ ᠥᠮᠴᠢᠯᠡᠯᠲᠦ ᠪᠦᠲᠦᠭᠡᠨ ᠪᠠᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠬᠤ ᠠᠵᠢᠯ ᠢ ︵ᠳᠠᠷᠤᠢ ᠶᠡᠷᠦᠩᠬᠡᠢ ᠦᠨᠡᠮᠯᠡᠯ︶ ᠨᠢᠭᠡᠨᠲᠡ ᠭᠦᠢᠴᠡᠳᠭᠡᠨ ᠳᠠᠭᠤᠰᠬᠠᠵᠦ᠂ 9 ᠰᠠᠷ᠎ᠠ ᠶᠢᠨ 30 ᠤ ᠡᠳᠦᠷ ᠵᠢᠩᠬᠢᠨᠢ ᠪᠠᠷ ᠭᠡᠷ  ᠪᠠᠶᠢᠰᠢᠩ ᠲᠤᠰᠢᠶᠠᠬᠤ ᠪᠣᠯᠤᠨ᠎ᠠ᠃      ᠴᠢᠩᠱᠠᠨ ᠲᠣᠭᠤᠷᠢᠭ ᠤᠨ ︽ᠬᠠᠪᠴᠢᠮᠠᠯ ᠪᠠᠶᠢᠰᠢᠩ︾ ᠢ ᠥᠭᠡᠷᠡᠴᠢᠯᠡᠨ ᠲᠥᠪᠯᠡᠷᠡᠭᠦᠯᠦᠨ ᠲᠥᠪᠬᠢᠨᠡᠭᠦᠯᠬᠦ ᠲᠥᠷᠥᠯ ᠵᠦᠢᠯ ᠤᠨ ᠥᠨᠳᠥᠷ ᠪᠦᠲᠦᠮᠵᠢᠲᠡᠶ ᠪᠦᠲᠦᠭᠡᠨ ᠪᠠᠶᠢᠭᠤᠯᠤᠯᠲᠠ ᠪᠣᠯ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠦᠲᠦᠭᠡᠨ ᠪᠠᠶᠢᠭᠤᠯᠬᠤ ᠨᠢᠭᠡᠴᠡ ᠶᠢᠨ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠪᠣᠯᠤᠨ᠎ᠠ᠃ ᠣᠬᠤᠷᠬᠠᠨ ᠨᠢᠭᠡ ᠵᠢᠯ ᠪᠣᠯᠤᠭ᠎ᠠ ᠦᠭᠡᠢ ᠬᠤᠭᠤᠴᠠᠭᠠᠨ ᠳᠤ ᠨᠢᠭᠡᠨ ᠰᠠᠭᠤᠷᠢ ᠲᠦᠪᠬᠢᠨᠡᠭᠦᠯᠬᠦ ᠰᠢᠨ᠎ᠡ ᠠᠰᠠᠷ ᠨᠢ ᠴᠣ ᠰᠢᠨ᠎ᠡ ᠠᠰᠠᠷ ᠢ ᠰᠦᠨᠳᠡᠷᠯᠡᠨ ᠪᠣᠰᠴᠤ᠂ ᠠᠷᠤ ᠳᠤᠨᠢ ᠲᠤᠭ᠎ᠠ ᠲᠣᠮᠰᠢ ᠦᠭᠡᠢ ᠪᠦᠲᠦᠭᠡᠨ ᠪᠠᠶᠢᠭᠤᠯᠤᠭᠴᠢᠳ ᠤᠨ ᠰᠢᠷᠭᠠᠭᠤ ᠬᠦᠴᠦ ᠬᠦᠯᠦᠰᠦ ᠪᠠ ᠭᠤᠶᠠᠴᠢ ᠦᠭᠡᠢ ᠬᠤᠪᠢ ᠨᠡᠮᠡᠷᠢ ᠠᠭᠤᠯᠤᠭᠳᠠᠵᠤ ᠪᠠᠶᠢᠨ᠎ᠠ᠃ ᠴᠢᠩᠱᠠᠨ ᠲᠣᠭᠤᠷᠢᠭ ᠤᠨ ︽ᠬᠠᠪᠴᠢᠮᠠᠯ ᠪᠠᠶᠢᠰᠢᠩ︾ ᠢ ᠥᠭᠡᠷᠡᠴᠢᠯᠡᠬᠦ ᠠᠵᠢᠯ ᠦᠳᠲᠡᠷ ᠲᠦᠷᠭᠡᠨ ᠶᠠᠪᠤᠭᠳᠠᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠪᠠᠨ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠭᠤᠭᠠᠯᠢ ᠠᠷᠠᠳ ᠤᠨ ᠠᠰᠢᠭ ᠲᠤᠰᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠨ᠂ ︽ᠬᠠᠪᠴᠢᠮᠠᠯ ᠪᠠᠶᠢᠰᠢᠩ︾ ᠤᠨ ᠰᠠᠭᠤᠭᠠᠯᠢ ᠠᠷᠠᠳ ᠤᠨ ᠵᠢᠯ ᠤᠨ ᠳᠥᠷᠪᠡᠨ ᠤᠯᠠᠷᠢᠯ ᠳᠤ ᠨᠡᠷᠡᠨ ᠤ ᠲᠤᠰᠤᠯᠲᠠ ᠥᠬᠡᠶ᠂ ᠣᠷᠴᠢᠨ ᠲᠣᠭᠤᠷᠢᠨ ᠨᠢ ᠬᠠᠷᠠᠩᠭᠤᠢ ᠴᠢᠭᠢᠭᠯᠢᠭ ᠨᠦᠢᠲᠠᠨ ᠵᠢᠴᠢ ᠠᠰᠠᠷ ᠤᠨ ᠰᠠᠭᠤᠭᠠᠯᠢ ᠠᠷᠠᠳ ᠤᠨ ᠣᠷᠳᠣ ᠬᠤᠭᠤᠴᠠᠭ᠎ᠠ ᠪᠠᠷ ᠨᠡᠪᠲᠡᠷᠡᠬᠦ ᠳᠤ ᠳᠥᠭᠦᠮ ᠦᠭᠡᠢ᠂ ᠨᠡᠷᠡᠨ ᠤ ᠰᠡᠭᠦᠳᠡᠷ ᠢ ᠬᠠᠯᠬᠠᠯᠠᠬᠤ᠂ ᠬᠠᠷᠠᠭᠠᠨ ᠱᠤᠭᠤᠮ ᠤᠨ ᠦᠵᠡᠮᠵᠢ ᠶᠢᠨ ᠵᠥᠷᠢᠶ᠎ᠡ ᠵᠡᠷᠭᠡ ᠠᠰᠠᠭᠤᠳᠠᠯ ᠢ ᠲᠡᠭᠦᠰ ᠠᠮᠵᠢᠯᠲᠠ ᠲᠠᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号