9 ᠰᠠᠷ᠎ᠠ ᠶᠢᠨ 4 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠱᠠᠩᠬᠠᠢ ᠶᠢᠨ ᠹᠧᠶ | ᠳ᠋ᠦ᠋ ᠪᠦᠷᠬᠦᠪᠴᠢ ᠶᠢᠨ ᠪᠦᠲᠦᠴᠡ ᠶᠢᠨ ᠬᠢᠵᠠᠭᠠᠷᠲᠤ ᠺᠣᠮᠫᠠᠨᠢ ᠲᠠᠢ ᠬᠠᠮᠲᠤ ᠪᠠᠷ ︽ᠵᠢᠵᠢᠭ ᠪᠢᠴᠢᠯ ᠠᠵᠤ | ᠠᠬᠤᠶᠢᠯᠠᠯ ᠤᠨ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2.3 ᠳ᠋ᠦᠩᠰᠢᠭᠤᠷ ᠲᠥᠭᠦᠷᠢᠭ ᠪᠠᠶᠢᠵᠤ᠂ ᠶᠡᠷᠦᠩᠬᠡᠶ | ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 260 ᠮᠥ ᠪᠠᠶᠢᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠬᠡᠰᠡᠭ᠂ ᠬᠤᠳᠠᠯᠳᠤᠭᠠᠨ ᠤ ᠦᠢᠯᠡᠴᠢᠯᠡᠭᠡᠨ ᠤ ᠬᠡᠰᠡᠭ᠂ ᠠᠮᠢᠳᠤᠷᠠᠯ ᠤᠨ ᠦᠢᠯᠡᠴᠢᠯᠡᠭᠡᠨ ᠤ ᠬᠡᠰᠡᠭ | ᠵᠡᠷᠭᠡ ᠭᠠᠵᠠᠷ ᠳᠡᠭᠡᠷᠡᠬᠢ ᠪᠠᠷᠢᠯᠭ᠎ᠠ 90000 ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠪᠠᠶᠢᠭᠤᠯᠤᠨ᠎ᠠ᠃ | ᠨᠢᠭᠡᠨᠲᠡ 22 ᠠᠵᠤ ᠠᠬᠤᠶᠢᠯᠠᠯ ᠣᠷᠣᠵᠤ ᠰᠠᠭᠤᠬᠤ ᠰᠠᠨᠠᠭ᠎ᠠ ᠲᠠᠢ ᠪᠠᠶᠢᠨ᠎ᠠ᠂ ᠪᠠᠷᠠᠭᠠᠨ ᠤ ᠭᠦᠢᠯᠭᠡᠭᠡ᠂ | ᠠᠦ᠋ᠲ᠋ᠣᠴᠢᠯᠠᠭᠰᠠᠨ ᠲᠥᠬᠦᠭᠡᠷᠦᠮᠵᠢ᠂ ᠲᠠᠷᠢᠶᠠᠯᠠᠩ ᠮᠠᠯ ᠠᠵᠤ ᠠᠬᠤᠢ᠂ ᠴᠡᠪᠡᠷᠰᠢᠭᠦᠯᠦᠨ ᠦᠢᠯᠡᠳᠬᠦ᠂ ᠪᠠᠷᠢᠯᠭ᠎ᠠ ᠶᠢᠨ | ᠮᠠᠲ᠋ᠧᠷᠢᠶᠠᠯ᠂ ᠪᠠᠴᠢᠮ ᠪᠠᠶᠢᠳᠠᠯ ᠢ ᠠᠷᠭᠠᠴᠠᠬᠤ᠂ ᠡᠮ ᠡᠮᠨᠡᠯᠭᠡ᠂ ᠬᠤᠪᠴᠠᠰᠤ ᠬᠤᠨᠠᠷ ᠵᠡᠷᠭᠡ ᠤᠯᠠᠨ ᠬᠦᠷᠢᠶᠡᠨ ᠳᠤ | ᠬᠤᠯᠪᠤᠭᠳᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ 70 ᠵᠢᠵᠢᠭ ᠪᠢᠴᠢᠯ ᠠᠵᠤ | ᠠᠬᠤᠶᠢᠯᠠᠯ ᠤᠷᠤᠵᠦ ᠰᠠᠭᠤᠵᠦ᠂ ᠵᠢᠯ ᠳᠤ 300 ᠭᠠᠷᠤᠶ ᠮᠡᠷᠭᠡᠵᠢᠯ ᠤᠨ ᠠᠵᠢᠯᠴᠢᠨ ᠬᠥᠮᠦᠵᠢᠭᠦᠯᠵᠦ᠂ ᠵᠢᠯ ᠤᠨ | ᠦᠢᠯᠡᠳᠬᠦᠨ ᠤ ᠥᠷᠲᠡᠭ ᠨᠢ ᠪᠠᠷᠤᠭ 10 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ | ᠣᠷᠣᠯᠭ᠎ᠠ ᠨᠢ ᠪᠠᠷᠤᠭ 1 ᠳ᠋ᠦᠩᠰᠢᠭᠤᠷ ᠲᠥᠭᠦᠷᠢᠭ ᠲᠤ ᠬᠦᠷᠴᠦ᠂ 3000 ᠭᠠᠷᠤᠶ ᠬᠥᠮᠦᠨ ᠳᠤ ᠠᠵᠢᠯ ᠤᠯᠭᠤᠨ᠎ᠠ᠃ | | 9 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 16 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠴᠢᠩᠱᠠᠨ ᠲᠣᠭᠤᠷᠢᠭ ᠤᠨ 2024 | ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠴᠢᠩᠱᠠᠨ ᠲᠣᠭᠤᠷᠢᠭ ᠤᠨ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ | ᠴᠡᠭ ᠤᠨ ᠪᠦᠳᠦᠭᠡᠨ ᠪᠠᠶᠢᠭᠤᠯᠤᠯᠲᠠ᠂ ᠴᠢᠩᠱᠠᠨ ᠲᠣᠭᠤᠷᠢᠭ ᠤᠨ 40 ᠳ᠋ᠦ᠋ᠭᠡᠷ ᠤᠳᠠᠭᠠᠨ ᠤ ᠪᠠᠭᠰᠢ ᠶᠢᠨ ᠪᠠᠶᠠᠷ ᠢ | ᠪᠡᠯᠭᠡᠯᠡᠬᠦ ᠠᠵᠢᠯᠯᠠᠭ᠎ᠠ ᠶᠢᠨ ᠲᠥᠰᠦᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ | 9 ᠰᠠᠷ᠎ᠠ ᠶᠢᠨ 9 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ | ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ︽ᠪᠤᠭᠤᠲᠤ ᠬᠤᠲᠠ ᠶᠢᠨ ᠴᠢᠩᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ | ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ | ᠦᠰᠦᠭ ᠵᠢᠷᠤᠵᠠᠢ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠪᠥᠬᠦ ᠲᠠᠯ᠎ᠠ ᠶᠢᠨ | ᠬᠠᠮᠲᠤᠷᠠᠯᠴᠠᠭ᠎ᠠ ᠥᠷᠨᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ᠂ ᠲᠥᠷᠥᠯ ᠵᠦᠢᠯ ᠤᠨ ᠬᠠᠮᠲᠤᠷᠠᠯᠴᠠᠭ᠎ᠠ᠂ ᠠᠵᠤ | ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠢ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠬᠠᠮᠲᠤᠪᠠᠷ | ᠵᠥᠪᠳᠡᠯᠴᠡᠵᠦ᠂ ᠬᠤᠶᠠᠷ ᠡᠲᠡᠭᠡᠳ ᠢᠶᠠᠷ ᠢᠶᠠᠨ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ᠂ ᠤᠰᠤᠲᠥ᠋ᠷᠥᠭᠴᠢ | ᠡᠨᠧᠷᠭᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠰᠢᠨ᠎ᠡ | ᠮᠠᠲ᠋ᠧᠷᠢᠶᠠᠯ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ | ᠲᠥᠬᠦᠭᠡᠷᠦᠮᠵᠢ ᠵᠡᠷᠭᠡ ᠠᠵᠤ ᠦᠢᠯᠡᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠤᠨ ᠲᠣᠭᠤᠷᠢᠨ ᠳᠤ᠂ ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠤᠯᠤᠰ ᠤᠨ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ ᠤᠯᠤᠰ ᠤᠨ ᠲᠠᠰ ᠤᠨ ᠰᠠᠭᠤᠷᠢᠨ ᠭᠠᠵᠠᠷ ᠲᠤ | ᠲᠦᠰᠢᠭᠯᠡᠨ᠂ ᠴᠢᠩᠱᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠪᠥᠭᠡᠮᠨᠡᠷᠡᠯ ᠴᠤᠭᠯᠠᠷᠠᠯ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠤᠨ | ᠬᠡᠮᠵᠢᠭᠳᠡᠯ ᠳᠤ ᠬᠦᠷᠬᠦ ᠵᠡᠷᠭᠡ ᠲᠠᠯ᠎ᠠ ᠳᠤ ᠣᠶᠤᠨ ᠤ ᠲᠤᠯᠭᠠᠭᠤᠷᠢᠯᠠᠯ ᠤᠨ ᠦᠢᠯᠡᠳᠦᠯ ᠦᠵᠡᠭᠦᠯᠦᠨ᠎ᠡ᠃ | 9 ᠰᠠᠷ᠎ᠠ ᠶᠢᠨ 10 ᠤ ᠡᠳᠦᠷ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ ᠬᠢᠭᠡᠳ ᠳᠤᠮᠳᠠᠳᠤ | ᠤᠯᠤᠰ ᠤᠨ ᠬᠠᠮᠲᠤᠷᠠᠭᠰᠠᠨ ᠮᠡᠳᠡᠭᠡ ᠵᠠᠩᠭᠢ ᠶᠢᠨ ᠪᠤᠭᠤᠲᠤ ᠬᠤᠳᠠ ᠶᠢᠨ ᠬᠤᠪᠢᠶᠠᠷᠢ ᠺᠣᠮᠫᠠᠨᠢ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠶᠠᠷ | ᠡᠲᠡᠭᠡᠳ ᠢᠶᠠᠷ ᠢᠶᠠᠨ ᠲᠣᠭᠠᠴᠢᠯᠠᠭᠰᠠᠨ ᠠᠵᠤ ᠦᠢᠯᠡᠰ ᠤᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠵᠦᠢᠯᠡᠰ ᠤᠨ | ᠲᠤᠬᠠᠢ ᠭᠦᠨᠵᠡᠭᠡᠢ ᠰᠣᠯᠢᠯᠴᠠᠭ᠎ᠠ ᠪᠠ ᠶᠠᠷᠢᠯᠴᠠᠭ᠎ᠠ ᠬᠢᠵᠦ᠂ ︽ᠬᠠᠷᠢᠯᠴᠠᠨ ᠡᠨᠧᠷᠭᠢ ᠣᠯᠭᠤᠬᠤ᠂ ᠬᠠᠮᠲᠤ ᠪᠠᠷ | ᠥᠷᠭᠡᠳᠬᠡᠬᠦ᠂ ᠬᠤᠯᠪᠣᠭᠠᠯᠠᠨ ᠰᠢᠨ᠎ᠡ ᠶᠢ ᠡᠭᠦᠳᠬᠦ︾ ᠬᠠᠷᠠᠯᠲᠠ ᠶᠢᠨ ᠲᠣᠭᠤᠷᠢᠨ ᠳᠤ᠂ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠷᠢᠯᠴᠠᠭ᠎ᠠ ᠬᠠᠷᠢᠯᠴᠠᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠤᠶᠠᠷ ᠲᠠᠯ᠎ᠠ ᠶᠢᠨ ᠠᠵᠤ | ᠦᠢᠯᠡᠰ ᠤᠨ ᠥᠷᠭᠡᠵᠢᠨ ᠤᠷᠲᠤᠳᠬᠠᠬᠤ ᠰᠠᠭᠤᠷᠢ ᠶᠢ ᠰᠠᠶᠢᠲᠤᠷ ᠲᠠᠯᠪᠢᠵᠤ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠬᠡᠷᠡᠭᠴᠡᠭᠡ ᠳᠤ ᠦᠢᠯᠡᠴᠢᠯᠡᠬᠦ ᠪᠠ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | 9 ᠰᠠᠷ᠎ᠠ ᠶᠢᠨ 12 ᠤ ᠡᠳᠦᠷ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ ᠪᠣᠯᠤᠨ ᠢᠦᠢ ᠯᠢᠨ | ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠯᠺᠣᠣᠯ ᠤᠰᠤᠲᠥ᠋ᠷᠥᠭᠴᠢ ᠶᠢᠨ ᠴᠠᠬᠢᠯᠭᠠᠨ | ᠵᠢᠭᠢᠷᠢᠭ ᠨᠡᠮᠡᠯᠲᠡ ᠶᠢᠨ ᠬᠤᠯᠢᠮᠠᠭ ᠬᠥᠳᠡᠯᠭᠡᠬᠦ ᠬᠦᠴᠦᠨ ᠤ ᠴᠢᠷᠦᠭᠴᠢ ᠮᠠᠰᠢᠨ ᠲᠡᠷᠭᠡ ᠶᠢ ᠬᠠᠮᠲᠤᠷᠠᠨ ᠨᠡᠭᠡᠭᠡᠨ | ᠬᠥᠭᠵᠢᠭᠦᠯᠬᠦ ᠭᠡᠷ᠎ᠡ ᠲᠣᠭᠲᠠᠪᠠ᠃ ᠬᠤᠶᠠᠷ ᠡᠲᠡᠭᠡᠳ ᠢᠶᠠᠷ ᠢᠶᠠᠨ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠳᠠᠪᠠᠭᠤᠯᠢᠭ ᠲᠠᠯ᠎ᠠ ᠶᠢᠨ ᠬᠠᠷᠢᠯᠴᠠᠨ | ᠨᠥᠬᠦᠪᠥᠷᠢᠯᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ | ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠬᠦᠨ ᠤ ᠠᠵᠤ ᠦᠢᠯᠡᠰᠵᠢᠯᠲᠡ ᠶᠢᠨ ᠬᠥᠭᠵᠢᠯᠲᠡ ᠶᠢᠨ | ᠠᠬᠢᠴᠠ ᠶᠢ ᠲᠦᠷᠭᠡᠳᠬᠡᠨ ᠠᠬᠢᠭᠤᠯᠤᠨ᠎ᠠ᠃ | 9 ᠰᠠᠷ᠎ᠠ ᠶᠢᠨ 19 ᠤ ᠡᠳᠦᠷ᠂ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ | ︽2024 ᠣᠨ ᠤ ᠳᠤᠮᠳᠠ ᠵᠢᠵᠢᠭ ᠠᠵᠤ ᠠᠬᠤᠶᠢᠯᠠᠯ ᠤᠨ ᠤᠨᠴᠠᠯᠢᠭᠳᠤ ᠠᠵᠤ ᠦᠢᠯᠡᠰ ᠤᠨ ᠪᠦᠯᠦᠭᠵᠢᠯ ᠤᠨ | ᠨᠡᠷᠡᠰ ᠤᠨ ᠲᠤᠬᠠᠶ ᠢᠯᠡ ᠵᠠᠷᠯᠠᠯ︾ ᠢ ᠨᠡᠶᠢᠲᠡᠯᠡᠵᠦ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠴᠢᠩᠱᠠᠨ ᠲᠣᠭᠤᠷᠢᠭ ᠤᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ | ᠪᠥᠭᠡᠮᠨᠡᠷᠡᠯ︾ ᠢᠶᠠᠷ ᠠᠮᠵᠢᠯᠲᠠ ᠲᠠᠢ ᠪᠠᠷ ᠮᠠᠭᠠᠳᠯᠠᠨ ᠲᠣᠭᠲᠠᠭᠠᠵᠤ᠂ 2024 ᠣᠨ ᠤ ᠥᠪᠡᠷᠲᠡᠭᠡᠨ ᠵᠠᠰᠠᠬᠤ | ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠨᠢᠭᠡᠴᠢ ᠪᠣᠯᠤᠨ᠎ᠠ᠃ | 9 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠴᠢᠩᠱᠠᠨ ᠲᠣᠭᠤᠷᠢᠭ ᠤᠨ | ᠲᠣᠰ ᠱᠠᠲᠤᠨ ᠤ ᠠᠩᠬᠠᠳᠠᠭᠴᠢ ᠪᠦᠯᠦᠭ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠴᠢᠩᠱᠠᠨ ᠲᠣᠭᠤᠷᠢᠭ ᠤᠨ | 12345 ᠬᠠᠯᠠᠮᠰᠢᠯ ᠤᠲᠠᠰᠤ ᠶᠢᠨ ᠡᠭᠦᠷᠭᠡ ᠴᠢᠳᠠᠪᠤᠷᠢ ᠶᠢᠨ ᠰᠤᠯᠪᠢᠴᠠᠭ᠎ᠠ ᠬᠢᠭᠡᠳ ᠮᠠᠷᠭᠤᠯᠳᠤᠭᠠᠨ ᠤ ᠠᠰᠠᠭᠤᠳᠠᠯ | ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ | 9 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠤᠮᠠᠷᠠᠲᠤ ᠶᠢᠨ ᠮᠠᠰᠢᠨ ᠲᠡᠷᠭᠡᠨ ᠤ ᠬᠢᠵᠠᠭᠠᠷᠲᠤ | ᠺᠣᠮᠫᠠᠨᠢ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ ᠪᠣᠯᠤᠨ UARM ᠺᠣᠮᠫᠠᠨᠢ ᠲᠠᠢ ᠪᠡᠭᠡᠵᠢᠩ ᠤᠨ | ᠤᠮᠠᠷᠠᠲᠤ ᠶᠢᠨ ᠣᠯᠠᠨ ᠤᠯᠤᠰ ᠤᠨ ᠲᠣᠮᠣ ᠠᠰᠠᠷ ᠲᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠭᠤᠷᠪᠠᠨ | ᠡᠲᠡᠭᠡᠳ ᠢᠶᠠᠷ ᠢᠶᠠᠨ ᠬᠠᠮᠲᠤᠷᠠᠨ ᠦᠢᠯᠡᠳᠬᠦᠨ ᠢ ᠳᠡᠯᠭᠡᠷᠡᠭᠦᠯᠵᠦ᠂ ᠺᠠᠽᠠᠭᠰᠲ᠋ᠠᠨ ᠵᠢᠴᠢ ᠨᠡᠩ ᠥᠷᠭᠡᠨ ᠳᠡᠯᠭᠡᠷ ᠤᠯᠠᠨ | ᠤᠯᠤᠰ ᠤᠨ ᠵᠠᠬ᠎ᠠ ᠳᠡᠯᠭᠡᠭᠦᠷ ᠢ ᠬᠠᠮᠲᠤ ᠪᠠᠷ ᠨᠡᠭᠡᠭᠡᠵᠦ᠂ ᠠᠵᠤ ᠠᠬᠤᠶᠢᠯᠠᠯ ᠤᠨ ᠳᠡᠯᠡᠬᠡᠶᠢᠵᠢᠭᠰᠡᠨ ᠡᠵᠡᠩᠨᠡᠯᠲᠡ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | 9 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ | ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠠᠮᠲᠤᠷᠠᠨ ᠣᠯᠭᠤᠭᠰᠠᠨ ︽ᠲᠥᠪ ᠤᠨ ᠠᠵᠤ ᠠᠬᠤᠶᠢᠯᠠᠯ ᠤᠨ ᠲᠡᠷᠢᠭᠦᠨ ᠤ ᠬᠠᠮᠲᠤ | ᠨᠡᠶᠢᠲᠡ︾ ᠶᠢᠨ ᠢᠷᠠᠭᠤ ᠠᠯᠳᠠᠷ ᠢ ᠬᠦᠷᠲᠡᠪᠡ᠃ | 9 ᠰᠠᠷ᠎ᠠ ᠶᠢᠨ 27 ᠤ ᠡᠳᠦᠷ᠂ ᠭᠤᠷᠪᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ | ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠤ ︽ᠰᠢᠨ᠎ᠡ ᠬᠤᠳᠠᠯᠳᠤᠭ᠎ᠠ ᠰᠢᠨ᠎ᠡ ᠬᠡᠷᠡᠭᠯᠡᠭᠡ︾ ᠶᠢᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠣᠯᠢᠯᠴᠠᠭᠠᠨ ᠤ ᠠᠵᠢᠯᠯᠠᠭ᠎ᠠ ᠳᠡᠭᠡᠷ᠎ᠡ᠂ | ᠪᠤᠭᠤᠲᠤ ᠬᠤᠲᠠ ᠶᠢᠨ ᠴᠢᠩᠱᠠᠨ ᠲᠣᠭᠤᠷᠢᠭ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ | ︽ᠳᠠᠭᠠᠭᠤᠯᠤᠨ ᠭᠦᠶᠦᠬᠦ︾ ᠠᠵᠢᠯᠯᠠᠭ᠎ᠠ ᠶᠢ ᠭᠥᠷᠳᠡᠭᠰᠡᠨ ᠪᠥᠭᠡᠳ ᠬᠤᠶᠠᠳᠤᠭᠠᠷ ᠪᠦᠯᠦᠭ ᠤᠨ ᠪᠥᠬᠦ ᠤᠯᠤᠰ ᠤᠨ | ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠳᠠᠭᠠᠭᠤᠯᠤᠨ ᠭᠦᠶᠦᠬᠦ︾ ᠠᠵᠢᠯᠯᠠᠭ᠎ᠠ ᠶᠢᠨ ᠴᠤᠭᠯᠠᠭᠠᠨ ᠳᠤ | ᠵᠢᠩᠬᠢᠨᠢ ᠪᠠᠷ ᠤᠷᠤᠵᠠᠢ᠃ ᠡᠨᠡᠬᠦ ᠢᠷᠠᠭᠤ ᠠᠯᠳᠠᠷ ᠪᠣᠯ ᠴᠢᠩᠱᠠᠨ ᠲᠣᠭᠤᠷᠢᠭ ᠤᠨ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠦᠬᠦ | ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠬᠡᠪ ᠳᠠᠭᠤᠷᠢᠶᠠᠯ | ᠪᠤᠯᠤᠭᠰᠠᠨ ᠢ ᠬᠠᠷᠠᠭᠤᠯᠵᠤ ᠪᠠᠶᠢᠨ᠎ᠠ᠃ | 9 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠴᠢᠩᠱᠠᠨ | ᠲᠣᠭᠤᠷᠢᠭ ᠤᠨ ᠪᠠᠷᠢᠯᠭ᠎ᠠ ᠶᠢᠨ ᠬᠤᠭ ᠨᠤᠪᠰᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ | ᠤᠴᠢᠷ ᠢ ᠰᠤᠳᠤᠯᠵᠠᠢ᠃ | ᠲᠤᠰ ᠡᠳᠦᠷ᠂ ᠴᠢᠩᠱᠠᠨ ᠲᠣᠭᠤᠷᠢᠭ ᠤᠨ ᠯᠢᠦ ᠾᠧ ᠴᠧᠩ ︽ᠬᠠᠪᠴᠢᠮᠠᠯ ᠪᠠᠶᠢᠰᠢᠩ︾ ᠢ ᠥᠭᠡᠷᠡᠴᠢᠯᠡᠨ | ᠪᠠᠢᠭᠤᠯᠵᠤ ᠲᠥᠪᠯᠡᠷᠡᠭᠦᠯᠦᠨ ᠲᠥᠪᠬᠢᠨᠡᠭᠦᠯᠬᠦ ᠲᠥᠷᠥᠯ ᠵᠦᠢᠯ ᠨᠢ ᠵᠢᠩᠬᠢᠨᠢ ᠪᠠᠷ ᠭᠡᠷ ᠲᠤᠰᠢᠶᠠᠵᠦ᠂ 166 ᠡᠷᠦᠬᠡ | ︽ᠬᠠᠪᠴᠢᠮᠠᠯ ᠪᠠᠶᠢᠰᠢᠩ︾ ᠢ ᠥᠭᠡᠷᠡᠴᠢᠯᠡᠨ ᠰᠢᠨᠡᠳᠭᠡᠵᠦ ᠪᠤᠴᠠᠵᠤ ᠨᠡᠭᠦᠬᠦ ᠰᠠᠭᠤᠭᠠᠯᠢ ᠠᠷᠠᠳ ᠵᠠᠯᠭᠠᠪᠠᠷ ᠲᠦᠯᠬᠢᠭᠦᠷ | ᠠᠪᠴᠤ ᠰᠢᠨ᠎ᠡ ᠭᠡᠷ ᠲᠤ ᠪᠠᠨ ᠤᠷᠤᠪᠠ᠃ ︽ᠬᠠᠪᠴᠢᠮᠠᠯ ᠪᠠᠶᠢᠰᠢᠩ︾ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠣᠯ | ᠪᠤᠭᠤᠲᠤ ᠬᠤᠲᠠ ᠶᠢᠨ ᠠᠷᠠᠳ ᠤᠨ ᠲᠥᠯᠥᠭᠡ ᠪᠣᠳᠠᠲᠠᠶ ᠠᠵᠢᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠪᠡᠯᠭᠡ | ᠲᠡᠮᠳᠡᠭ ᠤᠨ ᠴᠢᠨᠠᠷᠲᠠᠶ ᠠᠵᠢᠯ ᠪᠣᠯᠤᠨ᠎ᠠ᠃ ᠴᠢᠩᠱᠠᠨ ᠲᠣᠭᠤᠷᠢᠭ ᠤᠨ ︽ᠬᠠᠪᠴᠢᠮᠠᠯ ᠪᠠᠶᠢᠰᠢᠩ︾ ᠢ ᠥᠭᠡᠷᠡᠴᠢᠯᠡᠨ | ᠨᠡᠭᠦᠯᠭᠡᠵᠦ ᠪᠤᠴᠠᠭᠠᠨ ᠨᠡᠭᠦᠯᠭᠡᠵᠦ ᠲᠥᠪᠬᠢᠨᠡᠭᠦᠯᠬᠦ ︽ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ | ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠶ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠵᠤ᠂ | ᠲᠥᠪᠬᠢᠨᠡᠭᠦᠯᠬᠦ ᠣᠷᠣᠨ ᠰᠠᠭᠤᠴᠠ ᠶᠢᠨ ᠡᠯ᠎ᠡ ᠵᠦᠢᠯ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ | ᠪᠠ ᠪᠥᠲᠥᠭᠡᠨ ᠪᠠᠶᠢᠭᠤᠯᠬᠤ ᠶᠢ ᠲᠦᠷᠭᠡᠳᠬᠡᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ | ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠨ᠎ᠠ᠃ | | | | |