ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠤᠷᠠᠯ ᠬᠤᠷᠠᠯᠳᠤᠭᠤᠯᠵᠤ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ  ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠵᠢᠨ‌ᠤᠯᠤᠰ ᠤᠨ ᠪᠠᠷᠢᠮᠵᠢᠶ᠎ᠠ ᠶᠢᠨ ᠰᠢᠯᠭᠠᠯᠲᠠ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 2022 ᠣᠨ ᠤ ᠪᠡᠶ᠎ᠡ ᠶᠢᠨ ᠲᠠᠮᠢᠷ ᠤᠨ ᠰᠢᠯᠭᠠᠯᠲᠠ ᠵᠢᠴᠢ 2025 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠠᠷ ᠨᠡᠷ᠎ᠡ ᠮᠡᠳᠡᠭᠦᠯᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/10/17
      2024 ᠣᠨ ᠤ ᠴᠢᠩᠱᠠᠨ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠤᠯᠤᠰ ‍ᠤᠨ‌‍ᠪᠠᠷᠢᠮᠵᠢᠶ᠎ᠠ ᠶᠢᠨ ᠰᠢᠯᠭᠠᠯᠲᠠ᠂ ᠴᠢᠩᠱᠠᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 2022 ᠣᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠠᠵᠢᠯ ᠵᠢᠴᠢ ᠴᠢᠩᠱᠠᠨ ᠲᠣᠭᠤᠷᠢᠭ ᠤᠨ 2025 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠠᠷ ᠨᠡᠷ᠎ᠡ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠲᠣᠭᠲᠠᠭᠤᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 15᠎ ᠤ ᠡᠳᠦᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠵᠢᠯ ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ ᠴᠢᠬᠤᠯᠠ ᠶᠠᠷᠢᠶ᠎ᠠ ᠲᠠᠯᠪᠢᠪᠠ᠃ ᠬᠤᠷᠠᠯ ᠢ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠭᠤᠤ ᠴᠠᠩ ᠡᠷᠭᠢᠯᠡᠪᠡ᠃      ᠬᠤᠷᠠᠯ ᠠᠴᠠ᠂ ᠨᠢᠭᠡ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠭᠤᠨ ᠢ ᠪᠠᠲᠤᠯᠠᠵᠤ ᠪᠠᠶᠢᠷᠢᠯᠠᠭᠤᠯᠤᠯᠲᠠ ᠶᠢ ᠠᠳᠬᠤᠨ᠎ᠠ᠃ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠤᠯᠤᠰ ᠤᠨ ᠬᠡᠮᠵᠢᠯᠲᠡ ᠶᠢᠨ ᠤᠳᠤᠷᠢᠳᠬᠤ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠬᠤ᠂ ᠦᠢᠯᠡᠴᠢᠯᠡᠬᠦ᠂ ᠪᠠᠲᠤᠯᠠᠬᠤ᠂ ᠵᠣᠬᠢᠴᠠᠭᠤᠯᠬᠤ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠭᠤᠭᠴᠤᠭ᠎ᠠ ᠨᠢᠭᠡᠪᠦᠷᠢ ᠳᠤ ︽ᠵᠠᠪᠰᠠᠷ ᠥᠬᠡᠶ ᠵᠣᠯᠭᠠᠭᠤᠯᠬᠤ︾᠎ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡ ᠲᠡᠭᠰᠢ ᠪᠠᠷ ᠰᠢᠯᠭᠠᠯᠲᠠ ᠶᠢᠨ ᠰᠤᠷᠲᠠᠯ ᠢ ᠠᠳᠬᠤᠨ᠎ᠠ᠃ ᠠᠵᠢᠯᠲᠠᠳ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠯ᠎ᠡ ᠵᠦᠢᠯ ᠤᠨ ᠬᠡᠯᠪᠡᠷᠢ ᠶᠢᠨ ᠭᠡᠮ ᠦᠢᠯᠡᠳᠬᠦ ᠠᠵᠢᠯᠯᠠᠭ᠎ᠠ ᠶᠢ ᠡᠷᠡᠰ ᠬᠤᠷᠢᠭᠯᠠᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠲᠣᠭᠲᠠᠭᠤᠨ ᠢ ᠪᠠᠲᠤᠯᠠᠬᠤ᠂ ᠲᠥᠪ ᠭᠤᠣᠯᠴᠢ ᠶᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ︾ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢ ᠴᠢᠩᠭᠠᠳᠬᠠᠵᠤ᠂ ᠡᠮᠬᠢ ᠳᠢᠭᠯᠢᠮ ᠢ ᠪᠠᠲᠤᠯᠠᠵᠤ ᠲᠤᠬᠢᠷᠠᠭᠤᠯᠤᠯᠳᠠ ᠶᠢ ᠠᠳᠬᠤᠨ᠎ᠠ᠃ ︽ᠨᠢᠭᠡᠳᠦᠭᠡᠷ ᠬᠥᠮᠦᠨ︾᠎ ᠤ ᠭᠤᠤᠯ ᠴᠣᠭᠴᠠ ᠶᠢᠨ ᠡᠭᠦᠷᠭᠡᠯᠡᠯ ᠢ ᠴᠢᠩᠭᠠᠳᠬᠠᠨ᠎ᠠ᠃ ᠡᠯ᠎ᠡ ᠰᠢᠯᠭᠠᠯᠲᠠ ᠶᠢᠨ ᠴᠡᠭ᠂ ᠡᠯ᠎ᠡ ᠰᠤᠷᠭᠠᠭᠤᠯᠢ ᠡᠷᠬᠡᠪᠰᠢ ︽ᠠᠰᠠᠭᠤᠳᠠᠯ ᠢ ᠢᠯᠡᠷᠡᠭᠦᠯᠦᠭᠰᠡᠨ ᠨᠢᠭᠡᠳᠦᠭᠡᠷ ᠬᠥᠮᠦᠨ︾᠂ ︽ᠵᠥᠷᠢᠴᠡᠯ ᠢ ᠰᠢᠢᠳᠪᠦᠷᠢᠯᠡᠬᠦ ᠨᠢᠭᠡᠳᠦᠭᠡᠷ ᠬᠥᠮᠦᠨ︾ ᠤᠬᠠᠮᠰᠠᠷ ᠢᠶᠠᠨ ᠴᠢᠩᠭᠠᠳᠬᠠᠵᠤ᠂ ᠬᠠᠮᠵᠢᠯᠴᠠᠭ᠎ᠠ ᠪᠠᠨ ᠰᠢᠯᠢᠳᠡᠭᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠵᠣᠬᠢᠶᠠᠨ ᠪᠠᠶᠢᠭᠤᠯᠤᠯᠲᠠ ᠶᠢᠨ ᠰᠢᠯᠭᠠᠯᠲᠠ ᠶᠢᠨ ᠡᠭᠦᠷᠭᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠠᠮᠤᠷ ᠲᠦᠪᠰᠢᠨ ᠢᠶᠠᠷ ᠲᠣᠬᠢᠷᠠᠯᠴᠠᠬᠤ ᠶᠢ ᠪᠠᠲᠤᠯᠠᠬᠤ ᠬᠡᠷᠡᠭᠲᠡᠢ᠃ ᠲᠦᠷᠪᠡ ᠳᠤ᠂ ᠠᠭᠤᠷ ᠠᠮᠢᠰᠬᠤᠯ ᠢ ᠴᠢᠩᠭᠠᠳᠬᠠᠵᠤ᠂ ᠠᠮᠤᠷ ᠲᠦᠪᠰᠢᠨ ᠢ ᠪᠠᠲᠤᠯᠠᠵᠤ ᠤᠬᠠᠭᠤᠯᠭ᠎ᠠ ᠶᠢ ᠠᠳᠬᠤᠨ᠎ᠠ᠃ ᠡᠯ᠎ᠡ ᠰᠤᠷᠭᠠᠭᠤᠯᠢ ᠨᠤᠭᠤᠳ ᠰᠢᠨ᠎ᠡ ᠵᠠᠭᠤᠴᠢᠯᠠᠭᠤᠷ᠂ ᠬᠡᠷ ᠤᠨ ᠠᠬᠠᠮᠠᠳ ᠤᠨ ᠬᠤᠷᠠᠯ ᠵᠡᠷᠭᠡ ᠬᠡᠯᠪᠡᠷᠢ ᠶᠢ ᠰᠠᠶᠢᠲᠤᠷ ᠠᠰᠢᠭᠯᠠᠨ᠂ ᠰᠢᠯᠭᠠᠯᠲᠠ ᠠᠴᠠ ᠡᠮᠦᠨᠡᠬᠢ ᠠᠯᠪᠠᠨ ᠵᠠᠷ ᠪᠠ ᠬᠠᠯᠠᠭᠤᠨ ᠳᠣᠲᠣᠨᠣ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ︽ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾᠎ ᠢ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠴᠠᠭ ᠲᠤᠬᠠᠶ ᠳᠤᠨᠢ ᠣᠯᠭᠤᠵᠤ᠂ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠬᠥᠮᠦᠵᠢᠯ᠂ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠶᠢ ᠰᠠᠶᠢᠲᠤᠷ ᠬᠢᠵᠦ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠶ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠠᠵᠢᠯ ᠨᠢ ᠰᠢᠯᠭᠠᠭᠤᠯᠤᠭᠴᠢ ᠶᠢᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠤᠯᠪᠣᠭᠳᠠᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ᠂ ᠡᠯ᠎ᠡ ᠰᠤᠷᠭᠠᠭᠤᠯᠢ ᠨᠤᠭᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ︔ ᠳᠡᠭᠡᠳᠦ ᠱᠠᠲᠤᠨ ᠤ ᠵᠢᠭᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠯᠭᠠᠭᠤᠯᠤᠭᠴᠢ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠭᠦᠳᠡᠯ ᠠᠷᠠᠳ︾᠎ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠰᠢᠯᠭᠠᠭᠤᠯᠤᠭᠴᠢ ᠳᠤ ᠬᠠᠯᠠᠭᠤᠨ ᠳᠤᠯᠠᠭᠠᠨ ᠦᠢᠯᠡᠴᠢᠯᠡᠬᠦ ᠬᠡᠷᠡᠭᠲᠡᠢ︔ ᠠᠷᠢᠭᠤᠨ ᠴᠢᠬᠡᠴᠢ ᠰᠢᠯᠭᠠᠯᠲᠠ ᠪᠠᠷ ᠰᠣᠷᠣᠭᠴᠢ ᠡᠯᠰᠡᠬᠦ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠲᠥᠪ ᠭᠤᠤᠯᠴᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠳᠡᠭᠡᠷ᠎ᠡ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢ ᠲᠥᠯᠥᠭᠡᠯᠡᠨ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠬᠤᠷᠠᠯ ᠠᠴᠠ 2024 ᠣᠨ ᠤ ᠴᠢᠩᠱᠠᠨ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠰᠢᠯᠭᠠᠯᠲᠠ᠂ ᠴᠢᠩᠱᠠᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 2022 ᠣᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠠᠵᠢᠯ ᠵᠢᠴᠢ ᠴᠢᠩᠱᠠᠨ ᠲᠣᠭᠤᠷᠢᠭ ᠤᠨ 2025 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠠᠷ ᠨᠡᠷ᠎ᠡ ᠮᠡᠳᠡᠭᠦᠯᠬᠦ ᠠᠵᠢᠯ ᠳᠤ ᠪᠦᠬᠦᠯᠢ ᠴᠣᠭᠴᠠ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠦ᠂ ᠡᠯ᠎ᠡ ᠵᠦᠢᠯ ᠤᠨ ᠠᠵᠢᠯ ᠤᠨ ᠴᠠᠭ ᠤᠨ ᠵᠠᠩᠭᠢᠯᠠᠭ᠎ᠠ ᠶᠢᠨ ᠴᠡᠭ ᠵᠢᠴᠢ ᠠᠵᠢᠯ ᠤᠨ ᠰᠠᠬᠢᠯᠭ᠎ᠠ ᠪᠠᠲᠤ ᠶᠢ ᠴᠢᠬᠤᠯᠠᠴᠢᠯᠠᠭᠰᠠᠨ ᠪᠥᠭᠡᠳ ᠡᠨᠡ ᠵᠢᠯ ᠤᠨ ᠠᠵᠢᠯ ᠤᠨ ᠳᠤᠮᠳᠠᠬᠢ ᠰᠢᠨ᠎ᠡ ᠲᠣᠬᠢᠷᠠᠭᠤᠯᠤᠯᠲᠠ᠂ ᠰᠢᠨ᠎ᠡ ᠬᠤᠪᠢᠷᠠᠯᠲᠠ ᠶᠢ ᠨᠠᠷᠢᠨ ᠨᠢᠮᠪᠠᠶ᠂ ᠨᠠᠷᠢᠨ ᠨᠢᠭᠲᠠ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠪᠠ᠃      ᠲᠣᠭᠤᠷᠢᠭ ᠤᠨ ᠬᠠᠷᠢᠶ᠎ᠠ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ᠂ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ᠂ ᠶᠣᠰᠣ ᠰᠤᠷᠲᠠᠬᠤᠨ ᠤ ᠬᠥᠮᠦᠵᠢᠯ ᠤᠨ ᠡᠷᠬᠢᠯᠡᠭᠴᠢ᠂ ᠰᠤᠷᠭᠠᠭᠤᠯᠢ ᠶᠢᠨ ᠬᠠᠷᠢᠶᠠᠯᠠᠭᠴᠢ︔ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ᠂ ᠵᠢᠭᠠᠨ ᠰᠤᠷᠭᠠᠯᠲᠠ ᠶᠢᠨ ᠳᠡᠳ᠋ ᠵᠠᠬᠢᠷᠤᠯ᠂ ᠵᠢᠭᠠᠨ ᠰᠤᠷᠭᠠᠯᠲᠠ ᠶᠢᠨ ᠶᠠᠪᠤᠳᠠᠯ ᠤᠨ ᠡᠷᠬᠢᠯᠡᠭᠴᠢ᠂ ᠳᠡᠭᠡᠳᠦ ᠵᠡᠷᠭᠡ ᠶᠢᠨ ᠭᠤᠷᠪᠠᠳᠤᠭᠠᠷ ᠣᠨ ᠤ ᠳᠤᠭᠤᠶᠢᠯᠠᠩ ᠤᠨ ᠳᠠᠷᠤᠭ᠎ᠠ᠂ ᠰᠤᠷᠭᠠᠭᠤᠯᠢ ᠶᠢᠨ ᠬᠠᠷᠢᠶᠠᠯᠠᠭᠴᠢ ᠵᠢᠴᠢ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠪᠦᠬᠦ ᠠᠵᠢᠯᠲᠠᠳ ᠬᠤᠷᠠᠯ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号