ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠴᠢᠩᠱᠠᠨ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠵᠢᠴᠢ ᠠᠵᠢᠯᠴᠢᠨ ᠤ ᠡᠪᠯᠡᠯ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/18
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ  ᠪᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠴᠢᠨᠠᠭᠰᠢᠳᠠ ᠠᠬᠢᠭᠤᠯᠵᠤ᠂ ᠠᠵᠢᠯᠴᠢᠨ ᠤ ᠡᠪᠯᠡᠯ ᠤᠨ ᠺᠠᠳ᠋ᠷ ᠤᠨ ᠬᠡᠪ ᠴᠢᠨᠠᠷ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 10 ᠰᠠᠷ᠎ᠠ ᠶᠢᠨ 8 ᠤ ᠡᠳᠦᠷ ᠠᠴᠠ 13 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠰᠧᠴᠤᠸᠠᠨ ᠮᠤᠵᠢ ᠶᠢᠨ ᠴᠧᠩᠳᠦ᠋ ᠬᠤᠳᠠ ᠳᠤ ᠴᠢᠩᠱᠠᠨ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ ᠡᠪᠯᠡᠯ ᠤᠨ ᠪᠠᠶᠢᠭᠤᠯᠤᠯᠲᠠ ᠥᠭᠡᠷᠡᠴᠢᠯᠡᠯᠲᠡ ᠵᠢᠴᠢ ᠠᠵᠢᠯᠴᠢᠨ ᠤ ᠡᠪᠯᠡᠯ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃      ᠲᠤᠰ ᠤᠳᠠᠭ᠎ᠠ ᠶᠢᠨ ᠪᠣᠯᠪᠠᠰᠤᠷᠠᠯ ᠳᠤ ᠤᠯᠠᠨ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ᠶᠢᠨ ᠲᠠᠶᠢᠯᠤᠮᠵᠢ ᠬᠢᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠤᠰᠬᠠᠢ ᠰᠡᠳᠦᠪ ᠤᠨ ᠲᠣᠭᠤᠷᠢᠨ ᠳᠤ ᠲᠤᠰ ᠲᠤᠰ ᠬᠢᠴᠢᠶᠡᠯ ᠣᠷᠣᠪᠠ᠃ ᠡᠭᠦᠨ ᠤ ᠬᠠᠮᠲᠤ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠭᠡᠷ ᠤᠨ ᠭᠠᠳᠠᠨᠠᠬᠢ ᠦᠷᠳᠡᠭᠡ᠂ ᠠᠵᠢᠯᠳᠠᠨ ᠤ ᠭᠡᠷ ᠵᠡᠷᠭᠡ ᠠᠵᠢᠯᠴᠢᠨ ᠤ ᠡᠪᠯᠡᠯ ᠤᠨ ᠵᠢᠭᠰᠠᠭᠠᠯ ᠤᠨ ᠭᠠᠵᠠᠷ ᠲᠤ ᠭᠦᠨᠵᠡᠭᠡᠶᠢᠷᠡᠵᠦ᠂ ᠴᠧᠩᠳᠦ᠋ ᠶᠢᠨ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ᠂ ᠠᠵᠢᠯ ᠮᠡᠷᠭᠡᠵᠢᠯ ᠤᠨ ᠬᠥᠭᠵᠢᠯᠲᠡ᠂ ᠡᠷᠬᠡ ᠠᠰᠢᠭ ᠤᠨ ᠪᠠᠲᠤᠯᠠᠭ᠎ᠠ ᠵᠡᠷᠭᠡ ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠪᠣᠯᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠢ ᠠᠮᠵᠢᠯᠲᠠ ᠲᠠᠢ ᠡᠷᠬᠢᠯᠡᠭᠰᠡᠨ ᠨᠢ ᠪᠥᠬᠦ ᠲᠤᠭᠤᠷᠢᠭ ᠤᠨ ᠠᠵᠢᠯᠴᠢᠨ ᠤ ᠡᠪᠯᠡᠯ ᠤᠨ ᠺᠠᠳ᠋ᠷ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯᠲᠠᠨ ᠳᠤ ᠴᠠᠬᠢᠯᠭᠠᠨ ᠴᠡᠨᠡᠭᠯᠡᠬᠦ ᠴᠢᠳᠠᠪᠤᠷᠢ ᠣᠯᠭᠤᠬᠤ ᠰᠠᠶᠢᠨ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠴᠧᠩᠳᠦ᠋ ᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠲᠤᠰ ᠲᠤᠰ ᠤᠨ ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨᠬᠦ ᠶᠠᠪᠤᠭᠳᠠᠭᠤᠰᠢᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠶᠡᠬᠡᠪᠡᠷ ᠠᠬᠢᠭᠤᠯᠤᠨ᠎ᠠ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠪᠠᠶᠢᠭᠤᠯᠤᠯᠲᠠ᠂ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠨᠢᠭᠡ ᠴᠤᠬᠴᠠᠵᠢᠭᠤᠯᠤᠨ ᠠᠬᠢᠭᠤᠯᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠥᠨᠳᠥᠷ ᠬᠡᠪ ᠪᠣᠯᠪᠠᠰᠤᠷᠠᠯ ᠲᠠᠢ᠂ ᠥᠨᠳᠥᠷ ᠤᠷ᠎ᠠ ᠴᠢᠳᠠᠪᠤᠷᠢ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号