ᠬᠠᠷᠢᠶᠠᠲᠤ ᠣᠷᠣᠨ ᠤ ᠳᠣᠲᠣᠷᠠᠬᠢ ᠡᠯ᠎ᠡ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠤᠨ | ᠢᠳᠡᠭᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠴᠢᠩᠱᠠᠨ | ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠢᠳᠡᠭᠡᠨ ᠤ ᠠᠮᠤᠷ ᠲᠦᠪᠰᠢᠨ ᠤ | ᠤᠬᠠᠭᠤᠯᠭ᠎ᠠ︾ ᠶᠢᠨ ᠲᠤᠰᠬᠠᠶ ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠰᠣᠶᠣᠯ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠠᠵᠢᠯᠲᠠᠳ ᠵᠢᠭᠤᠯᠴᠢᠯᠠᠯ ᠤᠨ ᠬᠠᠮᠢᠶ᠎ᠠ ᠪᠥᠬᠦᠶ ᠡᠯ᠎ᠡ | ᠡᠵᠡᠩᠨᠡᠯᠲᠡ ᠶᠢᠨ ᠲᠠᠯᠠᠪᠤᠷ ᠲᠤ ᠬᠦᠷᠴᠦ᠂ ᠲᠠᠯᠠᠪᠤᠷ ᠳᠣᠲᠣᠷ᠎ᠠ ᠳᠡᠯᠭᠡᠨ ᠦᠵᠡᠭᠦᠯᠬᠦ ᠰᠠᠮᠪᠠᠷ᠎ᠠ ᠪᠠ ᠡᠯᠧᠺᠳ᠋ᠷᠣᠨ | ᠳᠡᠯᠭᠡᠴᠡ ᠶᠢᠨ ᠤᠬᠠᠭᠤᠯᠭ᠎ᠠ ᠶᠢᠨ ᠤᠷᠢᠶ᠎ᠠ ᠭᠠᠷᠭᠠᠵᠤ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠪᠠ᠃ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠣᠯᠠᠨ ᠲᠦᠮᠡᠨ ᠢ ᠭᠦᠢᠴᠡᠳ ᠬᠥᠲᠥᠯᠥᠨ | ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠰᠤᠷᠤᠯᠴᠠᠯᠭ᠎ᠠ ᠪᠠ ᠤᠬᠠᠭᠤᠯᠭ᠎ᠠ ᠳᠤ | ᠢᠳᠡᠪᠬᠢᠲᠡᠶ ᠣᠷᠣᠯᠴᠠᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ | ᠪᠠᠬᠢᠵᠢᠭᠦᠯᠦᠨ᠎ᠡ᠃ | ᠪᠥᠬᠦ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠠᠰᠠ ᠢᠳᠡᠭᠡᠨ ᠤ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠡᠷᠭᠢᠯᠡᠵᠦ᠂ ᠠᠵᠢᠯᠲᠠᠳ ᠢᠶᠠᠨ ᠵᠣᠬᠢᠶᠠᠨ ᠪᠠᠶᠢᠭᠤᠯᠤᠨ | ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠴᠢᠨ ᠡᠷᠦᠬᠡ ︵ᠳ᠋ᠦᠩ ᠳ᠋ᠡ ᠱᠠᠨ | ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ︶ ᠵᠡᠷᠭᠡ ᠳᠤ ᠭᠦᠨᠵᠡᠭᠡᠶᠢᠷᠡᠭᠦᠯᠦᠨ᠂ ᠢᠳᠡᠭᠡᠨ ᠤ ᠠᠮᠤᠷ ᠲᠦᠪᠰᠢᠨ ᠤ | ᠮᠡᠳᠡᠯᠭᠡ ᠶᠢᠨ ᠲᠠᠶᠢᠯᠤᠮᠵᠢ ᠬᠢᠬᠦ᠂ ᠠᠵᠤ ᠠᠬᠤᠶᠢᠯᠠᠯ ᠢ ᠳᠡᠮᠵᠢᠨ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠨᠡᠭᠡᠭᠡᠯᠲᠡ ᠶᠢᠨ ᠡᠳᠦᠷ᠂ ᠢᠳᠡᠭᠡᠨ ᠤ ᠠᠮᠤᠷ ᠲᠦᠪᠰᠢᠨ ᠤ ᠳᠠᠯᠳᠠᠭᠤᠷ | ᠰᠤᠷᠪᠤᠯᠵᠢᠯᠠᠭ᠎ᠠ ᠶᠢ ᠰᠢᠭᠰᠢᠨ ᠪᠠᠶᠢᠴᠠᠭᠠᠬᠤ ᠵᠡᠷᠭᠡ ᠲᠤᠰᠬᠠᠶ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠢᠳᠡᠭᠡᠨ ᠤ | ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠢᠳᠡᠭᠡᠨ ᠤ | ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ | ᠪᠦᠬᠦᠨ ᠢᠳᠡᠭᠡᠨ ᠤ ᠠᠮᠤᠷ ᠲᠦᠪᠰᠢᠨ ᠢ ᠬᠠᠯᠠᠮᠵᠢᠯᠠᠬᠤ᠂ ᠬᠥᠮᠦᠨ ᠪᠦᠬᠦᠨ ᠢᠳᠡᠭᠡᠨ ᠤ ᠠᠮᠤᠷ ᠲᠦᠪᠰᠢᠨ ᠢ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | | | | | | | |