ᠹᠦ᠋ ᠶᠤᠸᠠᠨ ᠨᠡᠶᠢᠭᠡᠮ ᠲᠣᠭᠤᠷᠢᠭ ᠡᠷᠦᠬᠡ ᠳᠤ ᠣᠷᠣᠬᠤ ᠵᠠᠭᠪᠤᠷ ᠢ ᠡᠬᠢᠯᠡᠭᠦᠯᠵᠦ  ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/10/21
      ᠠᠭᠤᠷ ᠠᠮᠢᠰᠬᠤᠯ ᠬᠦᠢᠲᠡᠷᠡᠬᠦ ᠶᠢ ᠳᠠᠭᠠᠯᠳᠤᠨ᠂ ᠳᠤᠯᠠᠭᠠᠮᠵᠢ ᠬᠠᠯᠠᠭᠤᠨ ᠥᠬᠡᠶ ᠪᠠᠶᠢᠬᠤ ᠨᠢ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠰᠢᠢᠳᠪᠦᠷᠢᠯᠡᠵᠦ ᠪᠠᠶᠢᠭ᠎ᠠ ᠠᠰᠠᠭᠤᠳᠠᠯ ᠪᠣᠯᠵᠣ᠂ ᠹᠦ᠋ ᠶᠤᠸᠠᠨ ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠠᠵᠢᠯᠲᠠᠨ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠡᠷᠦᠬᠡ ᠳᠤ ᠣᠷᠣᠭᠤᠯᠵᠤ᠂ ᠰᠠᠭᠤᠭᠠᠯᠢ ᠠᠷᠠᠳ ᠤᠨ ᠬᠡᠷ ᠲᠤ ᠬᠦᠷᠴᠦ ᠳᠤᠯᠠᠭᠠᠮᠵᠢ ᠬᠠᠯᠠᠭᠤᠨ ᠦᠭᠡᠢ᠂ ᠤᠰᠤ ᠭᠤᠭᠤᠵᠢᠬᠤ ᠠᠰᠠᠭᠤᠳᠠᠯ ᠢ ᠰᠢᠢᠳᠪᠦᠷᠢᠯᠡᠪᠡ᠃      ᠹᠦ᠋ ᠶᠤᠸᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠣᠯᠠᠨ ᠨᠡᠶᠢᠲᠡ ᠶᠢᠨ ᠣᠷᠣᠨ ᠪᠦᠰᠡ ᠶᠢᠨ ᠳᠤᠯᠠᠭᠠᠮᠵᠢ ᠶᠢᠨ ᠬᠤᠭᠤᠯᠠᠶ ᠶᠢ ᠵᠢᠭᠰᠠᠭᠠᠨ ᠪᠠᠶᠢᠴᠠᠭᠠᠵᠤ᠂ ᠰᠠᠭᠤᠭᠠᠯᠢ ᠠᠷᠠᠳ ᠤᠨ ᠳᠤᠯᠠᠭᠠᠮᠵᠢ ᠬᠠᠯᠠᠭᠤᠨ ᠥᠬᠡᠶ ᠪᠠᠶᠢᠳᠠᠯ ᠢ ᠲᠤᠰᠤᠭᠰᠠᠨ ᠪᠠᠶᠢᠪᠠᠯ᠂ ᠣᠷᠣᠰᠢᠵᠤ ᠪᠠᠶᠢᠬᠤ ᠠᠰᠠᠭᠤᠳᠠᠯ ᠢ ᠪᠠᠶᠢᠴᠠᠭᠠᠨ ᠦᠵᠡᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠨ᠂ ᠠᠳᠠᠯ ᠠᠬᠤᠶ ᠶᠢᠨ ᠠᠵᠢᠯᠲᠠᠳ ᠢ ᠪᠡᠶ᠎ᠡ ᠪᠠᠷ ᠢᠶᠠᠨ ᠳᠠᠭᠠᠭᠤᠯᠤᠨ ᠰᠠᠭᠤᠭᠠᠯᠢ ᠠᠷᠠᠳ ᠤᠨ ᠬᠡᠷ ᠲᠤ ᠳᠤᠯᠠᠭᠠᠯᠠᠬᠤ ᠥᠬᠡᠶ ᠪᠠᠶᠢᠬᠤ ᠦᠵᠡᠭᠳᠡᠯ ᠢ ᠢᠯᠡᠷᠡᠭᠦᠯᠵᠦ᠂ ᠠᠰᠠᠭᠤᠳᠠᠯ ᠢ ᠢᠯᠡᠷᠡᠭᠦᠯᠵᠦ᠂ ᠲᠤᠬᠠᠶ ᠶᠢᠨ ᠲᠠᠯᠠᠪᠠᠶ ᠳᠤ ᠰᠢᠢᠳᠪᠦᠷᠢᠯᠡᠪᠡ᠃      ︽ᠡᠨᠡ ᠵᠢᠯ ᠤᠨ ᠹᠦ᠋ ᠶᠤᠸᠠᠨ ᠨᠡᠶᠢᠭᠡᠮ ᠲᠣᠭᠤᠷᠢᠭ ᠤᠨ ᠳᠤᠯᠠᠭᠠᠨ ᠢᠨᠵᠧᠨᠧᠷᠢᠩ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠳᠤᠯᠠᠭᠠᠨ ᠡᠪᠦᠯ ᠢ ᠥᠩᠭᠡᠷᠡᠭᠡᠬᠦ ᠪᠣᠯ ᠪᠢᠳᠡᠨ ᠤ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠠᠭᠤᠯᠭ᠎ᠠ ᠮᠥᠨ᠂ ᠹᠦ᠋ ᠶᠤᠸᠠᠨ ᠨᠡᠶᠢᠭᠡᠮ ᠲᠣᠭᠤᠷᠢᠭ ᠤᠨ ᠳᠣᠲᠣᠷ᠎ᠠ ᠮᠠᠰᠢ ᠣᠯᠠᠨ ᠭᠠᠭᠴᠠᠭᠠᠷ ᠰᠠᠭᠤᠭ᠎ᠠ ᠨᠠᠰᠤᠲᠠᠨ ᠪᠠᠶᠢᠨ᠎ᠠ᠂ ᠨᠠᠰᠤᠲᠠᠨ ᠤ ᠭᠡᠷ ᠤᠨ ᠳᠤᠯᠠᠭᠠᠨ ᠤ ᠬᠡᠮᠵᠢᠶ᠎ᠡ ᠶᠢ ᠪᠠᠲᠤᠯᠠᠬᠤ ᠪᠣᠯ ᠮᠠᠨ ᠤ ᠨᠡᠶᠢᠭᠡᠮ ᠲᠣᠭᠤᠷᠢᠭ ᠤᠨ ᠬᠠᠮᠤᠭ ᠤᠨ ᠲᠤᠯᠭᠠᠮ᠎ᠠ ᠰᠢᠢᠳᠪᠦᠷᠢᠯᠡᠬᠦ ᠠᠰᠠᠭᠤᠳᠠᠯ ᠮᠥᠨ︾᠃ ᠹᠦ᠋ ᠶᠤᠸᠠᠨ ᠨᠡᠶᠢᠭᠡᠮ ᠲᠣᠭᠤᠷᠢᠭ ᠤᠨ ᠡᠷᠬᠢᠯᠡᠭᠴᠢ  ᠠᠴᠠ᠂ ᠹᠦ᠋ ᠶᠤᠸᠠᠨ ᠨᠡᠶᠢᠭᠡᠮ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠲᠤᠰᠬᠠᠯ ᠬᠠᠮᠤᠭ ᠤᠨ ᠰᠢᠷᠦᠭᠦᠨ᠂ ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ᠎ᠠ ᠭᠡᠵᠦ ᠬᠡᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号