ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠶ ᠲᠠᠯᠠᠪᠠᠶ ᠶᠢᠨ ᠠᠵᠢᠯᠲᠠᠨ ᠡᠯᠰᠡᠬᠦ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/22
      ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠣᠨ︾ ᠤ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠦᠨᠡᠨ ᠬᠦ ᠨᠡᠪᠲᠡᠷᠡᠭᠦᠯᠬᠦ ᠶᠢᠨ ᠲᠥᠯᠥᠭᠡ᠂ 10 ᠰᠠᠷ᠎ᠠ ᠶᠢᠨ 18 ᠤ ᠡᠳᠦᠷ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠲᠠᠢ ᠭᠠᠷ ᠬᠤᠯᠪᠣᠯᠴᠠᠨ᠂ ᠪᠤᠭᠤᠲᠤ ᠬᠤᠲᠠ ᠶᠢᠨ ᠰᠠᠭᠤᠭᠳᠠᠯ ᠬᠤᠲᠠ ᠳᠤ ︽ᠰᠢᠨ᠎ᠡ ᠠᠶᠠᠨ ᠵᠠᠮ ᠳᠤ ᠪᠤᠴᠠᠵᠤ   ᠰᠢᠨ᠎ᠡ ᠢᠷᠡᠭᠡᠳᠦᠶ ᠪᠠᠨ ᠡᠬᠢᠯᠡᠭᠦᠯᠬᠦ︾ ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯᠲᠠᠨ ᠡᠯᠰᠡᠬᠦ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠳᠤ ᠬᠠᠷᠢᠶᠠᠲᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠪᠠᠶᠢᠳᠠᠯ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ ᠴᠢᠩᠱᠠᠨ ᠲᠣᠭᠤᠷᠢᠭ ᠤᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ᠂ ᠲᠤᠰᠬᠠᠶ ᠲᠠᠯᠠᠪᠤᠷ ᠠᠵᠢᠯᠲᠠᠨ ᠡᠯᠰᠡᠬᠦ ᠬᠤᠷᠠᠯ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ᠂ ︽ᠴᠡᠭ ᠠᠴᠠ ᠴᠡᠭ ᠲᠤ ᠬᠥᠷᠬᠦ︾ ᠠᠵᠢᠯ ᠮᠡᠷᠭᠡᠵᠢᠯ ᠲᠠᠨᠢᠯᠴᠠᠭᠤᠯᠬᠤ ᠵᠡᠷᠭᠡ ᠠᠵᠢᠯᠯᠠᠭ᠎ᠠ ᠶᠢᠨ ᠬᠡᠰᠡᠭ ᠢ ᠪᠠᠭᠲᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠬᠥᠮᠥᠷᠭᠡ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭᠴᠡᠭᠡ ᠱᠠᠭᠠᠷᠳᠠᠯᠭ᠎ᠠ ᠬᠢᠭᠡᠳ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ ᠵᠠᠮ ᠢ ᠨᠡᠪᠲᠡᠷᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢᠨ ᠲᠥᠯᠥᠭᠡ ᠶᠤᠮ᠃      ᠡᠬᠢᠯᠡᠯᠲᠡ ᠶᠢᠨ ᠶᠣᠰᠣᠯᠠᠯ ᠳᠡᠭᠡᠷ᠎ᠡ ᠰᠦᠯᠵᠢᠶᠡᠨ ᠭᠠᠳᠠᠨᠠᠬᠢ ᠲᠤᠰᠬᠠᠶ ᠠᠵᠢᠯᠲᠠᠨ ᠡᠯᠰᠡᠬᠦ ᠴᠤᠭᠯᠠᠭᠠᠨ ᠬᠢᠵᠦ᠂ ᠨᠡᠶᠢᠲᠡ 45 ᠠᠵᠤ ᠠᠬᠤᠶᠢᠯᠠᠯ 404 ᠠᠵᠢᠯ ᠤᠨ ᠪᠠᠶᠢᠷᠢ ᠬᠠᠩᠭᠠᠵᠤ᠂ ᠴᠡᠷᠢᠭ ᠤᠨ ᠬᠡᠷ ᠪᠦᠯᠢ ᠵᠢᠴᠢ ᠴᠡᠷᠢᠭ ᠤᠨ ᠬᠡᠷ ᠪᠦᠯᠢ ᠶᠢᠨ ᠲᠤᠬᠠᠶ ᠶᠢᠨ ᠲᠠᠯᠠᠪᠤᠷ ᠤᠨ ᠰᠣᠩᠭᠤᠯᠲᠠ ᠶᠢ ᠬᠠᠩᠭᠠᠪᠠ᠃ ᠡᠭᠦᠨ ᠤ ᠬᠠᠮᠲᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠷᠭ᠎ᠠ ᠵᠠᠮ ᠢ ᠨᠡᠭᠡᠭᠡᠵᠦ᠂ 61 ᠠᠵᠤ ᠠᠬᠤᠶᠢᠯᠠᠯ 823 ᠠᠵᠢᠯ ᠤᠨ ᠪᠠᠶᠢᠷᠢ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠢᠨ ᠪᠤᠭᠤᠲᠤ ᠬᠤᠲᠠ ᠶᠢᠨ ᠴᠡᠷᠢᠭ ‍ᠤᠨ‌ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠣᠬᠤᠷ ᠸᠢᠳᠢᠣ᠋ ᠶᠢᠨ ᠲᠠᠪᠴᠠᠩ ᠵᠡᠷᠭᠡ ᠪᠠᠷ ᠳᠠᠮᠵᠢᠭᠤᠯᠤᠨ ᠰᠦᠯᠵᠢᠶᠡᠨ ᠳᠡᠭᠡᠷᠡᠬᠢ ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠣᠯᠵᠤ᠂ ᠴᠠᠭ ᠲᠤᠬᠠᠶ ᠳᠤᠨᠢ ᠠᠵᠢᠯᠲᠠᠨ ᠡᠯᠰᠡᠬᠦ ᠳᠤ ᠣᠷᠣᠯᠴᠠᠵᠤ ᠪᠣᠯᠤᠨ᠎ᠠ᠃      ᠴᠢᠩᠱᠠᠨ ᠲᠣᠭᠤᠷᠢᠭ ᠤᠨ ᠬᠠᠷᠢᠶ᠎ᠠ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠲᠥᠪ᠂ ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠤᠨ ᠬᠠᠷᠢᠯᠴᠠᠬᠤ ᠤᠲᠠᠰᠤᠨ ᠳᠤ ᠤᠲᠠᠰᠤᠳᠠᠵᠤ ᠠᠵᠢᠯ ᠡᠷᠢᠬᠦ ᠳᠠᠩᠰᠠᠯᠠᠯᠲᠠ ᠬᠢᠵᠦ ᠪᠣᠯᠤᠨ᠎ᠠ᠂ ᠦᠢᠯᠡᠴᠢᠯᠡᠭᠡᠨ ᠤ ᠪᠠᠶᠢᠭᠤᠯᠤᠮᠵᠢ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠠᠵᠢᠯ ᠤᠨ ᠪᠠᠶᠢᠷᠢ ᠳᠤ ᠵᠣᠬᠢᠴᠠᠭᠤᠯᠤᠨ ᠠᠵᠢᠯ ᠲᠠᠨᠢᠯᠴᠠᠭᠤᠯᠬᠤ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号