ᠬᠥᠨᠥᠭᠡᠯᠲᠡᠶ ᠠᠮᠢᠳᠤ ᠪᠣᠳᠠᠰ ᠤᠨ ᠡᠪᠦᠯᠵᠢᠬᠦ ᠰᠠᠭᠤᠷᠢ ᠲᠤᠭ᠎ᠠ ᠶᠢᠨ ᠪᠠᠶᠢᠴᠠᠭᠠᠯᠲᠠ ᠶᠢ ᠥᠷᠨᠢᠭᠦᠯᠵᠦ    ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠵᠤ ᠪᠣᠬᠢᠷᠲᠤᠯ ᠥᠬᠡᠶ ︽ᠬᠥᠬᠡᠮᠳᠦᠭ ᠠᠭᠤᠯᠠ︾ ᠶᠢ ᠰᠠᠬᠢᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/10/23
      ᠴᠢᠩᠱᠠᠨ ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠭᠰᠡᠨ ᠪᠠᠶᠢᠳᠠᠯ ᠢ ᠪᠥᠬᠦ ᠲᠠᠯ᠎ᠠ ᠪᠠᠷ᠂ ᠣᠨᠣᠪᠴᠢᠲᠠᠶ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠤᠭᠤᠲᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠢᠦᠶ ᠱᠣ᠋ ᠭᠸᠤ ᠲᠥᠷᠥᠯ ᠵᠦᠢᠯ ᠤᠨ ᠣᠷᠣᠨ᠂ ᠪᠠᠶ ᠱᠧᠩ ᠰᠢᠶᠠᠩ ᠲᠥᠷᠥᠯ ᠵᠦᠢᠯ ᠤᠨ ᠣᠷᠣᠨ ᠳᠤ ᠭᠦᠨᠵᠡᠭᠡᠶᠢᠷᠡᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠪᠦᠯᠵᠢᠬᠦ ᠰᠠᠭᠤᠷᠢ ᠲᠤᠭ᠎ᠠ ᠶᠢ ᠪᠠᠶᠢᠴᠠᠭᠠᠬᠤ ᠪᠠ ᠵᠢᠯᠣᠭᠤᠳᠬᠤ ᠠᠵᠢᠯ ᠢ ᠥᠷᠨᠢᠭᠦᠯᠵᠦ᠂ 2025 ᠣᠨ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠭᠤᠤᠯ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠪᠠᠲᠤ ᠪᠠᠬᠢ ᠲᠤᠭ᠎ᠠ ᠪᠠᠷᠢᠮᠲᠠ ᠶᠢᠨ ᠦᠨᠳᠦᠰᠦᠯᠡᠯ ᠬᠠᠩᠭᠠᠪᠠ᠃      ᠲᠣᠰ ᠤᠳᠠᠭᠠᠨ ᠤ ᠡᠪᠦᠯᠵᠢᠬᠦ ᠰᠠᠭᠤᠷᠢ ᠲᠤᠭ᠎ᠠ ᠶᠢᠨ ᠪᠠᠶᠢᠴᠠᠭᠠᠯᠲᠠ ᠶᠢᠨ ᠠᠵᠢᠯ ᠨᠢ ᠲᠣᠰ ᠭᠠᠵᠠᠷ ᠣᠷᠣᠨ ᠤ ᠬᠤᠤᠷ ᠬᠥᠨᠥᠭᠡᠯ ᠲᠠᠢ ᠠᠮᠢᠳᠤ ᠪᠣᠳᠠᠰ ᠤᠨ ᠠᠮᠢᠳᠤᠷᠠᠯ ᠤᠨ ᠳᠠᠳᠬᠠᠯ ᠵᠢᠴᠢ ᠡᠪᠦᠯᠵᠢᠬᠦ ᠵᠢᠮ᠎ᠡ ᠶᠣᠰᠣ ᠶᠢ ᠦᠨᠳᠦᠰᠦᠯᠡᠨ᠂ ᠥᠩᠭᠡᠷᠡᠭᠰᠡᠨ ᠵᠢᠯ ᠤᠨ ᠬᠠᠮᠢᠶ᠎ᠠ ᠪᠥᠬᠦᠶ ᠪᠠᠶᠢᠳᠠᠯ ᠲᠠᠢ ᠤᠶᠠᠯᠳᠤᠭᠤᠯᠤᠨ᠂ ᠵᠠᠮ ᠱᠤᠭᠤᠮ ᠤᠨ ᠪᠠᠶᠢᠴᠠᠭᠠᠯᠲᠠ ᠪᠠ ᠲᠣᠭᠲᠠᠮᠠᠯ ᠪᠠᠷᠢᠮᠵᠢᠶᠠᠲᠤ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠵᠤ᠂ ᠥᠷᠭᠡᠨ ᠨᠠᠪᠴᠢᠲᠤ ᠮᠣᠳᠣᠨ ᠤ ᠨᠠᠪᠴᠢᠨ ᠲᠠᠮᠠᠬᠢᠨ ᠬᠥᠨᠥᠭᠡᠯᠲᠦ ᠰᠢᠪᠠᠵᠢ ᠶᠢᠨ ᠰᠢᠷ᠎ᠠ ᠳᠡᠭᠷᠢ ᠶᠢᠨ ᠬᠥᠰᠢᠭᠡᠨ ᠬᠤᠷᠣᠬᠠᠶ᠂ ᠴᠢᠪᠠᠭ᠎ᠠ ᠶᠢᠨ ᠲᠣᠮᠣ ᠬᠠᠨᠠᠨ ᠬᠦᠷᠪᠡᠯ᠂ ᠰᠢᠷ᠎ᠠ ᠦᠷᠭᠡᠰᠦᠲᠦ ᠡᠷᠪᠡᠬᠡᠶ ᠶᠢᠨ ᠡᠪᠦᠯᠵᠢᠭᠰᠡᠨ ᠬᠡᠦᠬᠡᠯᠳᠡᠢ ᠬᠤᠷᠣᠬᠠᠶ᠂ ᠵᠠᠷᠮ᠎ᠠ ᠬᠤᠷᠣᠬᠠᠶ ᠪᠠ ᠨᠠᠪᠴᠢᠨ ᠴᠤᠬᠤ ᠶᠢᠨ ᠲᠥᠷᠥᠯ ᠵᠡᠷᠭᠡ ᠪᠠᠶᠢᠩᠭᠤ ᠡᠭᠦᠰᠬᠦ ᠬᠤᠤᠷᠲᠤ ᠠᠮᠢᠳᠤ ᠪᠣᠳᠠᠰ ᠤᠨ ᠡᠪᠦᠯᠵᠢᠭᠰᠡᠨ ᠪᠠᠶᠢᠳᠠᠯ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠪᠠ᠃ ᠪᠠᠶᠢᠴᠠᠭᠠᠨ ᠰᠤᠳᠤᠯᠤᠯᠲᠠ ᠨᠢ ᠬᠥᠨᠥᠭᠡᠯᠲᠡᠶ ᠠᠮᠢᠳᠤ ᠪᠣᠳᠠᠰ ᠤᠨ ᠡᠪᠦᠯᠵᠢᠬᠦ ᠲᠠᠯᠠᠪᠤᠷ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠡᠭᠦᠬᠦ ᠪᠠᠷ ᠳᠠᠮᠵᠢᠭᠤᠯᠤᠨ᠂ ᠮᠣᠳᠣᠨ ᠤ ᠰᠠᠯᠠᠭ᠎ᠠ ᠮᠥᠴᠢᠷ᠂ ᠨᠠᠪᠴᠢᠨ ᠲᠠᠮᠠᠬᠢ᠂ ᠮᠣᠳᠣᠨ ᠤ ᠬᠠᠯᠢᠰᠤ ᠵᠡᠷᠭᠡ ᠬᠡᠰᠡᠭ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠡᠪᠦᠯᠵᠢᠬᠦ ᠬᠤᠤᠷ ᠬᠥᠨᠥᠭᠡᠯ ᠲᠠᠢ ᠠᠮᠢᠳᠤ ᠪᠣᠳᠠᠰ ᠤᠨ ᠬᠤᠷᠣᠬᠠᠶ᠂ ᠥᠨᠳᠡᠭᠡ᠂ ᠬᠡᠥᠬᠡᠯᠳᠡᠶᠢ ᠶᠢᠨ ᠲᠤᠭ᠎ᠠ ᠬᠡᠮᠵᠢᠶ᠎ᠡ ᠵᠢᠴᠢ ᠡᠪᠦᠯᠵᠢᠬᠦ ᠲᠥᠯᠥᠪ᠂ ᠠᠮᠢᠳᠤᠷᠠᠬᠤ ᠪᠠᠶᠢᠳᠠᠯ ᠵᠡᠷᠭᠡ ᠶᠢ ᠲᠣᠭᠲᠠᠭᠠᠬᠤ ᠶᠢᠨ ᠬᠠᠮᠲᠤ ᠪᠠᠶᠢᠴᠠᠭᠠᠯᠲᠠ ᠶᠢᠨ ᠦᠷ᠎ᠡ ᠳ᠋ᠦᠩ ᠢ ᠨᠠᠷᠢᠨ ᠲᠡᠮᠳᠡᠭᠯᠡᠵᠦ᠂ ᠬᠤᠷᠢᠶᠠᠩᠭᠤᠶᠢᠯᠠᠨ ᠵᠠᠳᠠᠯᠵᠤ᠂ ᠢᠷᠡᠬᠦ ᠵᠢᠯ ᠤᠨ ᠪᠥᠬᠦ ᠣᠷᠣᠨ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠬᠦ ᠬᠠᠨᠳᠤᠰᠢ ᠶᠢ ᠲᠥᠰᠦᠭᠡᠯᠡᠬᠦ ᠪᠠ ᠰᠡᠷᠭᠡᠶᠢᠯᠡᠨ ᠡᠵᠡᠮᠳᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠷᠬᠦᠯᠵᠢᠯᠡᠨ ᠭᠦᠨᠵᠡᠭᠡᠶᠢᠷᠡᠵᠦ᠂ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠬᠤᠷᠣᠬᠠᠶ ᠶᠢᠨ ᠬᠥᠨᠥᠭᠡᠯ ᠤᠨ ᠡᠳᠡᠭᠡᠷᠡᠯᠲᠡ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠡᠵᠡᠮᠰᠢᠵᠦ᠂ ᠴᠠᠭ ᠠᠭᠤᠷ ᠤᠨ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠬᠤ ᠲᠠᠢ ᠤᠶᠠᠯᠳᠤᠭᠤᠯᠤᠨ᠂ ᠬᠤᠷᠣᠬᠠᠶ ᠶᠢᠨ ᠭᠠᠮᠰᠢᠭ ᠡᠭᠦᠰᠬᠦ ᠬᠠᠨᠳᠤᠰᠢ ᠶᠢ ᠰᠤᠳᠤᠯᠤᠨ ᠮᠠᠭᠠᠳᠯᠠᠵᠤ᠂ ᠬᠤᠤᠷ ᠬᠥᠨᠥᠭᠡᠯ ᠲᠠᠢ ᠠᠮᠢᠳᠤ ᠪᠣᠳᠠᠰ ᠤᠨ ᠡᠭᠦᠰᠬᠦ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ 2025 ᠣᠨ ᠳᠤ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠰᠦᠯ ᠢ ᠲᠣᠭᠲᠠᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ᠂ ᠴᠢᠩᠱᠠᠨ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号