ᠲᠦᠷᠦᠭᠦᠤ ᠭᠤᠷᠪᠠᠨ ᠤᠯᠠᠷᠢᠯ ᠳᠤ᠂ ᠴᠢᠩᠱᠠᠨ ᠲᠣᠭᠤᠷᠢᠭ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ | ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠯᠠᠪᠳᠠᠭᠤᠨ | ᠪᠠᠲᠤᠲᠠᠶ ᠠᠬᠢᠭᠤᠯᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 219.65 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠶᠢᠨ ᠲᠡᠷᠢᠭᠦᠨ ᠪᠠᠶᠢᠷᠢ ᠶᠢ ᠦᠷᠭᠦᠯᠵᠢᠯᠡᠨ ᠪᠠᠲᠤᠯᠠᠵᠤ᠂ ᠭᠤᠤᠯ ᠪᠣᠯᠬᠤ ᠲᠠᠸᠠᠷ ᠤᠨ ᠲᠦᠷᠭᠡᠨ ᠨᠡᠮᠡᠭᠳᠡᠯ ᠢ | ᠪᠡᠶᠡᠯᠡᠭᠦᠯᠪᠡ᠃ ᠲᠦᠷᠦᠭᠦᠤ ᠭᠤᠷᠪᠠᠨ ᠤᠯᠠᠷᠢᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠢᠳᠡᠭᠡᠨ ᠵᠡᠷᠭᠡ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠦᠷᠭᠦᠯᠵᠢᠯᠡᠨ ᠬᠥᠭᠵᠢᠨ ᠪᠣᠷᠣᠯᠠᠵᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠢᠭᠡᠴᠢ ᠤᠮᠳᠠᠭᠠᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠠᠮᠤ ᠲᠣᠰᠣ ᠢᠳᠡᠭᠡᠨ ᠤ | ᠵᠦᠢᠯ᠂ ᠠᠷᠢᠬᠢ ᠲᠠᠮᠠᠬᠢ ᠪᠠ ᠬᠢᠲᠠᠳ ᠧᠦ᠋ᠷᠣᠫᠠ ᠡᠮ ᠤᠨ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 242%᠂ 22.3%᠂ 16%᠂ 10.8% ᠪᠠ | 5.5% ᠪᠠᠷ ᠨᠡᠮᠡᠭᠳᠡᠵᠦ᠂ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠢ 3.4 | ᠵᠠᠭᠤᠨ ᠤ ᠨᠢᠭᠡᠴᠢ ᠳᠠᠶᠢᠴᠢᠯᠠᠪᠠ᠃ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ | ᠪᠠᠳᠠᠷᠠᠭᠤᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.2 % ᠢᠶᠠᠷ ᠨᠡᠮᠡᠭᠳᠡᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2.4 ᠵᠠᠭᠤᠨ ᠤ ᠨᠢᠭᠡᠴᠢ | ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡᠨ ᠤ ᠬᠠᠨᠳᠤᠰᠢ ᠪᠠᠭᠤᠷᠠᠭᠰᠠᠨ ᠦᠭᠡᠢ᠂ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 35.2% ᠢᠶᠠᠷ ᠨᠡᠮᠡᠭᠳᠡᠵᠦ᠂ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2.1 ᠵᠠᠭᠤᠨ ᠤ ᠴᠡᠭ ᠨᠡᠮᠡᠭᠳᠡᠪᠡ᠃ ᠭᠡᠷ ᠤᠨ ᠴᠠᠬᠢᠯᠭᠠᠨ | ᠬᠡᠷᠡᠭᠰᠡᠯ ᠤᠨ ᠬᠡᠷᠡᠭᠯᠡᠭᠡ ᠢᠯᠡᠳᠲᠡ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷ ᠤᠨ | ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ 1 - 8 ᠳ᠋ᠤᠭᠠᠷ | ᠰᠠᠷ᠎ᠠ ᠠᠴᠠ 4.1 ᠵᠠᠭᠤᠨ ᠤ ᠨᠢᠭᠡᠴᠢ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠶᠢᠨ ᠨᠡᠮᠡᠭᠳᠡᠯ ᠢ 0.7 ᠵᠠᠭᠤᠨ ᠤ ᠨᠢᠭᠡᠴᠢ ᠳᠠᠶᠢᠴᠢᠯᠠᠪᠠ᠃ | | | | | |