ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠᠳᠥ ᠡᠷᠡᠰ | ᠭᠤᠶᠢᠪᠢᠰᠢ ᠦᠭᠡᠢ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ | ︽ᠬᠤᠶᠠᠷ ᠰᠢᠨ᠎ᠡ︾ ᠶᠢᠨ ᠰᠡᠳᠬᠢᠬᠦᠶ ᠶᠢ ᠴᠢᠩᠭᠠᠳᠬᠠᠵᠤ᠂ ᠪᠣᠳᠠᠲᠤ ᠴᠣᠭᠴᠠ ᠶᠢ ᠠᠳᠬᠤᠬᠤ᠂ ᠲᠥᠷᠥᠯ ᠵᠦᠢᠯ ᠢ | ᠠᠬᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠲᠣᠭᠲᠠᠪᠤᠷᠢᠵᠢᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠥᠳᠡᠯᠭᠡᠭᠦᠷ ᠪᠣᠯᠭᠠᠵᠤ᠂ ᠲᠦᠷᠦᠭᠦᠤ | ᠭᠤᠷᠪᠠᠨ ᠤᠯᠠᠷᠢᠯ ᠳᠤ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ | ᠰᠠᠶᠢᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.9 % ᠪᠠᠷ ᠨᠡᠮᠡᠭᠳᠡᠪᠡ᠃ | ᠲᠥᠷᠥᠯ ᠵᠦᠢᠯ ᠤᠨ ᠲᠥᠷᠥᠯ ᠬᠡᠯᠪᠡᠷᠢ ᠠᠴᠠ ᠦᠵᠡᠪᠡᠯ᠂ 500 ᠲᠦᠮᠡᠨ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21. | 9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 18.9 ᠵᠠᠭᠤᠨ ᠤ ᠨᠢᠭᠡᠴᠢ ᠨᠡᠮᠡᠭᠳᠡᠭᠦᠯᠪᠡ︔ | ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20.8% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢ 2.9 ᠵᠠᠭᠤᠨ ᠤ ᠨᠢᠭᠡᠴᠢ | ᠪᠡᠶᠡᠯᠡᠭᠦᠯᠪᠡ᠃ ᠭᠤᠷᠪᠠᠨ ᠠᠵᠤ ᠦᠢᠯᠡᠰ ᠠᠴᠠ ᠦᠵᠡᠪᠡᠯ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠬᠦᠴᠦᠲᠡᠢ | ᠪᠠᠶᠢᠵᠤ᠂ 8 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ 1 - 9 ᠳ᠋ᠦ᠋ᠭᠡᠷ ᠰᠠᠷ᠎ᠠ ᠳᠤ | ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ᠃ ᠪᠥᠬᠦ ᠲᠤᠭᠤᠷᠢᠭ ᠤᠨ ᠨᠢᠭᠡᠳᠦᠭᠡᠷ ᠠᠵᠤ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 76 % ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ 1 - 8 ᠳ᠋ᠤᠭᠠᠷ ᠰᠠᠷ᠎ᠠ ᠲᠠᠢ ᠲᠡᠩᠴᠡᠪᠡ︔ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠪᠡ᠃ |