ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ | ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ | ᠤᠯᠠᠷᠢᠯ ᠳᠤ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 21.4% ᠪᠠᠷ ᠨᠡᠮᠡᠭᠳᠡᠵᠦ᠂ ᠴᠢᠩᠱᠠᠨ ᠲᠣᠭᠤᠷᠢᠭ ᠤᠨ ᠪᠡᠯᠡ ᠣᠷᠣᠭᠤᠯᠤᠯᠲᠠ ᠶᠢ 14. | 6 ᠵᠠᠭᠤᠨ ᠤ ᠴᠡᠭ ᠳᠠᠶᠢᠴᠢᠯᠠᠵᠤ᠂ ᠪᠦᠬᠦ ᠪᠡᠯᠡ ᠣᠷᠣᠭᠤᠯᠤᠯᠲᠠ ᠶᠢᠨ 71.4% ᠶᠢ ᠡᠵᠡᠯᠡᠪᠡ᠃ | ᠬᠤᠶᠠᠷ ᠶᠡᠭᠡ ᠲᠥᠷᠥᠯ ᠠᠴᠠ ᠠᠪᠴᠤ ᠦᠵᠡᠪᠡᠯ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠶ | ᠵᠢᠴᠢ ᠤᠰᠤᠨ ᠤ ᠬᠠᠩᠭᠠᠯᠭ᠎ᠠ ᠶᠢᠨ ᠦᠢᠯᠡᠰ ᠨᠢ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠬᠦ | ᠲᠥᠪ ᠤᠨ ᠶᠡᠭᠡ ᠪᠥᠲᠥᠭᠡᠨ ᠪᠠᠶᠢᠭᠤᠯᠤᠯᠲᠠ ᠠᠴᠠ ᠠᠰᠢᠭ ᠬᠦᠷᠲᠡᠵᠡᠢ᠂ ᠪᠠᠯᠠ ᠣᠷᠣᠭᠤᠯᠤᠯᠲᠠ ᠨᠢ ᠠᠳᠠᠯᠢ | ᠬᠤᠭᠤᠴᠠᠭᠠᠨ ᠤ ᠬᠢ ᠠᠴᠠ 1.6 ᠳᠠᠬᠢᠨ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 3.7 | ᠵᠠᠭᠤᠨ ᠤ ᠨᠢᠭᠡᠴᠢ ᠳᠠᠶᠢᠴᠢᠯᠠᠪᠠ︔ ᠦᠢᠯᠡᠳᠬᠦ ᠦᠢᠯᠡᠰ ᠤᠨ ᠣᠯᠠᠨ ᠠᠵᠢᠯ ᠲᠥᠷᠥᠯ ᠤᠨ ᠲᠡᠩᠴᠡᠭᠦᠷᠢᠲᠡᠶ | ᠬᠥᠭᠵᠢᠯᠲᠡ ᠶᠢ ᠳᠠᠶᠢᠴᠢᠯᠠᠵᠤ᠂ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 16.5% ᠨᠡᠮᠡᠭᠳᠡᠪᠡ᠃ | ᠡᠭᠦᠨ ᠳᠤ᠂ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠦᠢᠯᠡᠳᠬᠦ᠂ ᠨᠡᠶᠢᠳᠡᠮ ᠬᠡᠷᠡᠭᠯᠡᠬᠦ ᠲᠥᠬᠦᠭᠡᠷᠦᠮᠵᠢ | ᠦᠢᠯᠡᠳᠬᠦ᠂ ᠲᠡᠮᠦᠷᠯᠢᠭ ᠪᠣᠯᠪᠠᠰᠤᠷᠠᠭᠤᠯᠤᠨ ᠦᠢᠯᠡᠳᠬᠦ᠂ ᠺᠣᠮᠫᠢᠦ᠋ᠲ᠋ᠧᠷ ᠤᠨ ᠨᠡᠶᠢᠳᠡᠮ ᠬᠡᠷᠡᠭᠯᠡᠬᠦ ᠲᠥᠬᠦᠭᠡᠷᠦᠮᠵᠢ | ᠦᠢᠯᠡᠳᠬᠦ ᠦᠢᠯᠡᠰ ᠲᠣᠰ ᠲᠣᠰ 14.2%᠂ 79.1%᠂ 2.9 ᠳᠠᠬᠢᠨ ᠪᠠ 2.1 ᠳᠠᠬᠢᠨ ᠨᠡᠮᠡᠭᠳᠡᠪᠡ᠃ ᠨᠡᠬᠡᠮᠡᠯ | ᠪᠤᠰᠤ ᠪᠥᠰ ᠢ ᠦᠢᠯᠡᠳᠬᠦ᠂ ᠴᠢᠯᠠᠭᠤᠨ ᠲᠣᠰᠣ ᠨᠡᠭᠦᠷᠡᠰᠦᠨ ᠤ ᠲᠦᠯᠡᠰᠢ ᠡᠳ᠋ᠰᠢᠭᠦᠯᠬᠦ᠂ ᠡᠮ ᠡᠮᠨᠡᠯᠭᠡ ᠦᠢᠯᠡᠳᠬᠦ | ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠡᠷᠭᠡ 4 ᠠᠵᠢᠯ ᠲᠥᠷᠥᠯ ᠨᠢ ᠪᠠᠶᠢᠬᠤ ᠦᠭᠡᠢ ᠪᠠᠶᠢᠭᠰᠠᠨ ᠠᠴᠠ ᠪᠠᠨ | ᠪᠠᠶᠢᠬᠤ ᠪᠣᠯᠵᠠᠢ᠃ |