ᠴᠢᠩᠱᠠᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2024/10/25
      ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠢᠮᠠᠭᠲᠠ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠪᠦᠬᠦ ᠶᠠᠪᠤᠴᠠ ᠳᠤ ᠲᠤᠤᠱᠯᠠᠭᠤᠯᠵᠦ᠂ ᠬᠢᠴᠢᠶᠡᠯ ᠤᠨ  ᠲᠢᠩᠭᠢᠮ ᠤᠨ ᠵᠢᠭᠠᠨ ᠰᠤᠷᠭᠠᠯᠲᠠ ᠶᠢᠨ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠬᠢᠵᠢᠭᠦᠯᠬᠦ ᠦᠢᠯᠡᠳᠦᠯ ᠪᠣᠯᠤᠨ ᠦᠢᠯᠡᠳᠦᠯᠭᠡ ᠶᠢᠨ ᠠᠵᠢᠯᠯᠠᠭ᠎ᠠ ᠶᠢᠨ ᠬᠦᠳᠦᠯᠦᠨ ᠵᠢᠯᠣᠭᠤᠳᠴᠤ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠷ᠎ᠡ ᠶᠢ ᠰᠠᠶᠢᠲᠤᠷ ᠲᠠᠷᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠦᠨ᠎ᠡ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠡᠯ᠎ᠡ ᠲᠥᠷᠥᠯ ᠤᠨ ᠵᠢᠭᠰᠠᠭᠠᠯ ᠤᠨ ᠭᠠᠵᠠᠷ ᠢ ᠠᠭᠤᠰᠤᠯᠴᠠᠭᠤᠯᠤᠨ ᠪᠦᠲᠦᠭᠡᠨ ᠪᠠᠶᠢᠭᠤᠯᠬᠤ ᠳᠤ ᠠᠭᠤᠰᠬᠠᠨ ᠤᠷᠤᠭᠤᠯᠪᠠ᠃ ᠰᠠᠨ ᠰᠢᠩ ᠪᠠᠭ᠎ᠠ ᠰᠤᠷᠭᠠᠭᠤᠯᠢ ︽ᠤᠯᠠᠭᠠᠨ ᠠᠨᠠᠷ ᠤᠨ ᠦᠷ᠎ᠠ︾᠎ ᠶᠢᠨ ᠲᠢᠩᠬᠢᠮ ᠢ ᠪᠠᠶᠢᠭᠤᠯᠵᠤ᠂ ᠦᠨᠳᠦᠰᠦᠲᠡᠨ ᠤ ᠵᠠᠩ ᠦᠢᠯᠡ ᠶᠢᠨ ᠪᠦᠲᠦᠭᠡᠯ ᠤᠨ ᠦᠵᠡᠭᠦᠯᠭᠡ ᠶᠢᠨ ᠲᠣᠭᠤᠷᠢᠭ ᠪᠠ ᠭᠠᠷ ᠦᠢᠯᠡᠳᠬᠡᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ  ᠲᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠬᠢᠴᠢᠶᠡᠯ᠂ ᠦᠵᠡᠭᠦᠯᠦᠯᠭᠡ ᠪᠠ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠰᠦᠩ ᠱᠢ ᠰᠤᠷᠭᠠᠭᠤᠯᠢ ᠦᠢᠯᠡᠳᠦᠯᠭᠡ ᠶᠢᠨ ᠰᠠᠭᠤᠷᠢᠨ ᠭᠠᠵᠠᠷ ᠢ ᠣᠶᠢᠯᠠᠭᠠᠬᠤ ᠣᠷᠳᠣᠨ᠂ ᠤᠯᠠᠭᠠᠨ ᠠᠨᠠᠷ ᠨᠣᠮ ᠤᠨ ᠦᠷᠦᠭᠡ ᠪᠣᠯᠤᠨ ︽ᠠᠨᠠᠷ ᠤᠨ ᠦᠷ᠎ᠡ︾ ᠷᠠᠳᠢᠣ᠋ ᠨᠡᠪᠲᠡᠷᠡᠭᠦᠯᠭᠡ ᠶᠢᠨ ᠦᠷᠳᠡᠭᠡ ᠵᠡᠷᠭᠡ ᠤᠯᠠᠨ ᠲᠠᠯᠠᠪᠤᠷ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠲᠤᠭᠤᠷᠢᠭ ᠤᠨ ᠳᠣᠲᠣᠨ᠎ᠠ ᠭᠠᠳᠠᠨᠠᠬᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠳᠠᠳᠤᠯᠭ᠎ᠠ ᠪᠣᠯᠪᠠᠰᠤᠷᠠᠯ ᠬᠠᠩᠭᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠬᠡᠯᠪᠡᠷᠢ ᠲᠠᠢ᠂ ᠲᠦᠷᠦᠭᠳᠡᠯ ᠲᠠᠢ᠂ ᠪᠦᠲᠦᠮᠵᠢᠲᠡᠢ ᠪᠣᠯᠭᠠᠪᠠ᠃      ᠰᠤᠷᠭᠠᠭᠤᠯᠢ ᠶᠢᠨ ᠬᠢᠴᠢᠶᠡᠯ ᠪᠠ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠰᠢᠷᠢᠰ ᠭᠤᠣᠯ ᠰᠡᠳᠦᠪᠲᠦ ᠬᠢᠴᠢᠶᠡᠯ ᠢ ᠨᠡᠭᠡᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠠᠭᠰᠢ ᠰᠤᠷᠤᠭᠴᠢᠳ ᠤᠨ ᠰᠡᠳᠬᠢᠯ ᠳᠤ ᠬᠦᠷᠭᠡᠪᠡ᠃ ᠴᠢᠩᠱᠠᠨ ᠵᠠᠮ ᠤᠨ ᠵᠢᠷᠭᠤᠳᠤᠭᠠᠷ ᠪᠠᠭ᠎ᠠ ᠰᠤᠷᠭᠠᠭᠤᠯᠢ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠲᠤᠭ ᠮᠠᠨᠳᠤᠭᠤᠯᠬᠤ ᠬᠢᠴᠢᠶᠡᠯ᠂ ᠬᠤᠪᠢᠰᠬᠠᠯ ᠤᠨ ᠬᠢᠴᠢᠶᠡᠯ᠂ ᠠᠨᠠᠷ ᠤᠨ ᠦᠷ᠎ᠡ ᠶᠢᠨ ᠲᠡᠮᠳᠡᠭ ᠪᠤᠯᠢᠶᠠᠯᠳᠤᠬᠤ᠂ ᠦᠵᠡᠯ ᠰᠠᠨᠠᠭ᠎ᠠ ᠤᠯᠤᠰ ᠲᠥᠷᠥ ᠶᠢᠨ ᠪᠢᠴᠢᠯ ᠬᠢᠴᠢᠶᠡᠯ ᠪᠠ ᠰᠣᠷᠣᠭᠴᠢ ᠶᠢᠨ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠵᠡᠷᠭᠡ ᠠᠭᠤᠯᠭ᠎ᠠ ᠶᠢ ᠪᠠᠭᠲᠠᠭᠠᠭᠰᠠᠨ ᠣᠯᠠᠨ ᠡᠰᠢᠵᠢᠭᠰᠡᠨ ᠬᠢᠴᠢᠶᠡᠯ ᠤᠨ ᠰᠢᠰᠲ᠋ᠧᠮ ᠢ ᠰᠢᠰᠲ᠋ᠧᠮ ᠲᠠᠢ ᠪᠠᠷ ᠪᠠᠶᠢᠭᠤᠯᠵᠤ᠂ ᠰᠤᠷᠤᠭᠴᠢᠳ ᠲᠤ ᠰᠤᠷᠭᠠᠨ ᠬᠥᠮᠦᠵᠢᠯ ᠬᠦᠷᠲᠡᠭᠡᠨ᠎ᠡ᠃ ᠵᠤᠯ ᠵᠢᠷᠭᠠᠯ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠭᠤᠷᠪᠠᠳᠤᠭᠠᠷ ᠰᠤᠷᠭᠠᠭᠤᠯᠢ ᠶᠢᠨ ᠲᠣᠭᠤᠷᠢᠭ ᠨᠢ ︽ᠲᠠᠪᠤᠨ ᠬᠥᠮᠦᠵᠢᠯ︾᠎ ᠢ ᠠᠭᠤᠰᠤᠯᠴᠠᠭᠤᠯᠤᠨ ᠬᠥᠭᠵᠢᠭᠦᠯᠦᠭᠰᠡᠨ ︽ᠠᠨᠠᠷ ᠤᠨ ᠦᠷ᠎ᠡ︾᠎ ᠶᠢᠨ ᠬᠢᠴᠢᠶᠡᠯ ᠤᠨ ᠵᠢᠭᠰᠠᠭᠠᠯ ᠪᠠ ᠨᠡᠶᠢᠭᠡᠮ ᠤᠨ ᠪᠦᠯᠬᠦᠮ ᠤᠨ ᠬᠢᠴᠢᠶᠡᠯ ᠤᠨ ᠰᠢᠰᠲ᠋ᠧᠮ ᠢ ᠰᠤᠳᠤᠯᠤᠨ ᠨᠡᠭᠡᠭᠡᠵᠦ᠂ ︽ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ︾᠂ ︽ᠠᠨᠠᠷ ᠤᠨ ᠦᠷ᠎ᠡ ᠶᠢᠨ ᠬᠢᠴᠢᠶᠡᠯ ᠤᠨ ᠲᠢᠩᠭᠢᠮ︾ ᠪᠠ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠵᠡᠷᠭᠡ ᠢᠯᠡ ᠲᠣᠳᠣ ᠣᠨᠴᠠᠯᠢᠭ ᠲᠠᠢ ᠬᠢᠴᠢᠶᠡᠯ ᠢ ᠭᠠᠷᠭᠠᠭᠰᠠᠨ ᠪᠥᠭᠡᠳ ᠦᠨᠳᠦᠰᠦᠲᠡᠨ ᠤ ᠣᠨᠴᠠᠯᠢᠭ ᠲᠠᠢ ᠬᠥᠳᠡᠯᠮᠦᠷᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠ ᠤᠨᠴᠠᠯᠢᠬᠳᠤ ᠠᠩᠭᠢ ᠶᠢᠨ ᠰᠣᠶᠣᠯ ᠤᠨ ᠣᠷᠳᠣ ᠬᠤᠩᠭᠢᠯ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠪᠠ᠃      ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠤᠨ ᠪᠢᠴᠢᠯ ᠬᠠᠷᠠᠭᠠᠨ ᠳᠠᠪᠲᠠᠮᠵᠢ︾᠂ ︽ᠠᠨᠠᠷ ᠤᠨ ᠦᠷ᠎ᠡ ᠶᠢᠨ ᠨᠤᠲᠤᠭ ᠢᠶᠠᠨ ᠬᠠᠶᠢᠷᠠᠯᠠᠬᠤ︾᠂ ︽ᠳᠤᠮᠳᠠᠳᠤ ᠶᠢᠨ ᠰᠤᠷᠳᠠᠬᠤᠨ ᠴᠢᠩᠱᠠᠨ ᠳᠤ ᠪᠠᠳᠠᠷᠠᠬᠤᠢ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠭᠤᠯᠤᠨ ᠬᠥᠮᠦᠵᠢᠭᠦᠯᠬᠦ ᠰᠢᠷᠢᠰ ᠠᠵᠢᠯᠯᠠᠭ᠎ᠠ ᠶᠢᠨ ︽ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ︾᠂ ︽ᠰᠣᠩᠭᠤᠳᠠᠭ ᠪᠦᠲᠦᠭᠡᠯ ᠢ ᠤᠩᠰᠢᠨ ᠤᠩᠰᠢᠬᠤ ᠤᠷᠤᠯᠳᠤᠭᠠᠨ︾᠂ ︽ᠰᠢᠯᠦᠭ ᠳᠠᠭᠤᠯᠠᠯ ᠤᠨ ᠤᠷᠤᠯᠳᠤᠭᠠᠨ︾ ᠵᠡᠷᠭᠡ ᠤᠨᠴᠠᠯᠢᠬᠳᠤ ᠰᠢᠯᠢᠳᠡᠭ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠡᠷᠭᠢᠯᠡᠵᠦ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠠᠨ ᠨᠡᠮᠡᠭᠳᠡᠭᠦᠯᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ᠃ ᠪᠥᠬᠦ ᠤᠯᠤᠰ ᠤᠨ ᠠᠩᠬᠠᠳᠠᠭᠴᠢ ︽ᠬᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠤᠳᠤᠯᠭᠠᠨ ᠪᠠ  ᠦᠢᠯᠡᠳᠦᠯᠭᠡ ᠶᠢᠨ ᠰᠠᠭᠤᠷᠢᠨ ᠭᠠᠵᠠᠷ︾᠎ ᠲᠤ ᠲᠦᠰᠢᠭᠯᠡᠨ᠂ ︽ᠮᠢᠨᠦ ᠬᠡᠷ ᠤᠨ ᠨᠣᠮ· ᠮᠢᠨᠦ ᠬᠡᠷ ᠤᠨ ᠰᠤᠷᠭᠠᠯ· ᠮᠢᠨᠦ ᠬᠡᠷ ᠤᠨ ᠰᠤᠷᠪᠤᠯᠵᠢᠯᠠᠭ᠎ᠠ︾ ᠭᠡᠬᠦ ᠶᠠᠷᠢᠶᠠᠨ ᠤ ᠤᠩᠰᠢᠯᠭ᠎ᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠬᠠᠷᠢᠭᠤ ᠮᠡᠳᠡᠭᠦᠯᠬᠦ ᠠᠵᠢᠯᠯᠠᠭ᠎ᠠ᠂ ︽ᠬᠡᠷ ᠤᠨ ᠰᠤᠷᠲᠠᠯ ᠬᠡᠷ ᠤᠨ ᠰᠤᠷᠭᠠᠯ ᠢ ᠦᠢᠯᠡᠳᠦᠯᠭᠡᠵᠢᠭᠦᠯᠦᠭᠰᠡᠨ ᠪᠠᠭᠠᠴᠤᠳ ᠤᠨ ᠦᠷ᠎ᠡ ᠪᠦᠲᠦᠭᠡᠯ ᠤᠨ ᠦᠵᠡᠭᠦᠯᠦᠯᠭᠡ︾᠂ ︽ᠳᠤᠮᠳᠠᠳᠤ ᠶᠢᠨ ᠰᠦᠭ ᠰᠦᠨᠡᠰᠦ ᠶᠢ  ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠎ ᠤᠨ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠵᠢᠯᠯᠠᠭ᠎ᠠ ᠶᠢ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠥᠯᠢᠭᠡᠷ ᠢ ᠰᠠᠶᠢᠲᠤᠷ ᠶᠠᠷᠢᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ  ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠪᠠᠭᠰᠢ ᠪᠠ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠭᠤᠯᠪᠠ᠃      ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠤᠭᠤᠲᠤ ᠬᠤᠲᠠ ᠶᠢᠨ ︽ᠠᠨᠠᠷ ᠤᠨ ᠴᠡᠴᠡᠭ ᠳᠡᠯᠭᠡᠷᠡᠭᠰᠡᠨ︾ ᠭᠤᠤᠯ ᠰᠡᠳᠦᠪᠲᠦ ᠬᠦᠷᠢᠶᠡᠯᠡᠩ᠂ ︽ᠴᠢᠩᠱᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠣᠳᠣᠨ ᠣᠨᠴᠠᠯᠢᠭᠲᠤ ᠱᠤᠭᠤᠮ︾᠂ ︽ᠪᠤᠭᠤᠲᠤ ᠶᠢᠨ ᠪᠦᠯᠬᠦᠮᠳᠡᠯ ᠠᠭᠤᠳᠠᠮ ᠲᠠᠯᠠᠪᠠᠶ︾ ᠵᠡᠷᠭᠡ ᠲᠣᠰ ᠭᠠᠵᠠᠷ ᠤᠨ ᠡᠬᠢ ᠪᠠᠶᠠᠯᠢᠭ ᠤᠨ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ᠂ ︽ᠤᠯᠠᠭᠠᠨ ᠠᠨᠠᠷ︾᠎ ᠢ ᠤᠬᠠᠭᠤᠯᠤᠨ ᠲᠠᠶᠢᠯᠪᠤᠷᠢᠯᠠᠬᠤ᠂ ︽ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠠᠩᠭᠢ ᠳᠤ ᠣᠷᠣᠭᠤᠯᠬᠤ ᠶᠣᠰᠣᠯᠠᠯ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠶᠢ ᠮᠡᠳᠡᠷᠡᠬᠦ ᠰᠡᠳᠬᠢᠯᠭᠡ ᠶᠢ ᠴᠢᠩᠭᠠᠷᠠᠭᠤᠯᠤᠨ᠂ ᠰᠤᠷᠤᠭᠴᠢᠳ ᠤᠨ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠮᠦᠵᠢᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠦᠷᠭᠦᠯᠵᠢᠯᠡᠨ ᠥᠷᠭᠡᠨ ᠤᠯᠠᠨ ᠪᠠᠭᠰᠢ ᠰᠤᠷᠤᠭᠴᠢᠳ ᠢ ᠬᠦᠳᠦᠯᠦᠨ ᠵᠢᠯᠣᠭᠤᠳᠴᠤ ᠤᠯᠠᠨ ᠲᠦᠮᠡᠨ ᠤ ᠬᠤᠭᠤᠷᠣᠨᠳᠣᠬᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠰᠤᠷᠤᠯᠴᠠᠯᠭ᠎ᠠ ᠶᠢᠨ ᠳᠤᠮᠳᠠ ᠬᠤᠪᠢᠰᠬᠠᠯ ᠤᠨ ᠰᠠᠭᠤᠷᠢ ᠦᠩᠭᠡ ᠶᠢ ᠰᠢᠩᠭᠡᠭᠡᠵᠦ᠂ ᠰᠢᠨ᠎ᠡ ᠰᠣᠷᠭᠤᠭ ᠠᠵᠢᠯᠯᠠᠭ᠎ᠠ ᠶᠢᠨ ᠳᠤᠮᠳᠠ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠦᠨᠵᠡᠭᠡᠶᠢᠷᠡᠭᠦᠯᠵᠦ᠂ ᠵᠠᠩ ᠮᠣᠷᠠᠯ ᠢ ᠬᠥᠮᠦᠵᠢᠭᠦᠯᠬᠦ ᠢᠨᠵᠧᠨᠧᠷᠢᠩ ᠳᠤᠮᠳᠠ ᠪᠡᠶ᠎ᠡ ᠪᠠᠨ ᠳᠠᠭᠠᠭᠠᠵᠤ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠬᠤᠳᠠ ᠶᠢ ᠪᠦᠳᠦᠭᠡᠨ ᠪᠠᠶᠢᠭᠤᠯᠬᠤ ᠬᠦᠴᠦᠨ ᠢ ᠨᠢᠭᠲᠠᠷᠠᠭᠤᠯᠵᠤ᠂ ︽ᠰᠢᠯᠢᠳᠡᠭ ᠰᠤᠷᠬᠤᠢ ᠴᠢᠩᠱᠠᠨ ᠳᠤ ᠪᠤᠢ︾ ᠭᠡᠬᠦ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠬᠦᠴᠦᠷᠬᠡᠭ ᠳᠠᠭᠤᠨ ᠢ ᠬᠠᠩᠭᠢᠨᠠᠭᠤᠯᠤᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号