ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠤᠰᠢᠶᠠᠯ ᠤᠨ ᠬᠤᠭᠤᠴᠠᠭ᠎ᠠ ᠳᠠᠭᠤᠰᠤᠭᠰᠠᠨ ᠶᠡᠷᠦᠩᠬᠡᠶᠢᠯᠡᠭᠰᠡᠨ | ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠶ ᠰᠠᠨᠠᠯ︾ ᠢ ᠤᠯᠠᠮ ᠨᠢᠭᠡ ᠠᠯᠬᠤᠮ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠤᠰᠬᠠᠶᠢᠵᠢᠭᠰᠠᠨ | ᠬᠥᠭᠵᠢᠯᠲᠡ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰᠢᠶᠠᠯ ᠡᠭᠦᠷᠭᠡᠯᠡᠵᠦ | ᠪᠦᠬᠦᠯᠢ ᠵᠢᠷᠭᠤᠭᠠᠨ ᠵᠢᠯ ᠪᠣᠯᠤᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠱᠠᠯᠠᠪᠳᠠᠭᠤᠯᠤᠨ ᠵᠢᠯᠣᠭᠤᠳᠴᠤ | ᠦᠨᠡᠯᠡᠨ ᠵᠢᠱᠢᠪᠡ᠃ | ᠦᠨᠡᠯᠡᠨ ᠵᠢᠱᠢᠬᠦ ᠠᠴᠠ ᠡᠮᠦᠨ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠣᠭᠤᠳᠬᠤ | ᠲᠠᠰᠤᠭ ᠤᠨ ᠬᠢᠨ ᠦᠨᠡᠯᠡᠨ ᠵᠢᠱᠢᠬᠦ ᠠᠵᠢᠯ ᠤᠨ ᠲᠥᠰᠦᠯ ᠢ ᠲᠣᠭᠲᠠᠭᠠᠵᠤ᠂ ᠦᠨᠡᠯᠡᠨ ᠵᠢᠱᠢᠬᠦ ᠠᠵᠢᠯ ᠤᠨ ᠮᠡᠳᠡᠭᠳᠡᠯ ᠢ | ᠨᠡᠶᠢᠲᠡᠯᠡᠵᠦ᠂ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠬᠦ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠦᠨᠡᠯᠡᠨ ᠵᠢᠱᠢᠬᠦ ᠶᠢ ᠬᠦᠯᠢᠶᠡᠭᠰᠡᠨ ᠪᠣᠶ ᠪᠥᠬᠦᠶ | ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠡᠷᠦᠩᠬᠡᠶᠢᠯᠡᠭᠰᠡᠨ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ | ᠭᠦᠢᠴᠡᠳᠬᠡᠯ ᠲᠤᠭ᠎ᠠ ᠶᠢᠨ ᠰᠢᠰᠲ᠋ᠧᠮ ᠶᠣᠰᠣᠭᠠᠷ ᠨᠠᠶᠢᠷᠠᠭᠤᠯᠤᠨ ᠪᠢᠴᠢᠭᠰᠡᠨ ᠪᠥᠭᠡᠳ ᠡᠯᠧᠺᠳ᠋ᠷᠣᠨ ᠥᠪᠡᠰᠦᠪᠡᠨ | ᠦᠨᠡᠯᠡᠭᠰᠡᠨ ᠮᠡᠳᠡᠭᠦᠯᠦᠯᠲᠡ ᠪᠠ ᠥᠪᠡᠰᠦᠪᠡᠨ ᠦᠨᠡᠯᠡᠵᠦ ᠬᠤᠪᠢ ᠥᠭᠬᠦ ᠬᠦᠰᠦᠨᠦᠭᠲᠦ ᠶᠢ ᠲᠤᠰᠢᠶᠠᠪᠠ᠃ | ᠣᠶᠢᠷ᠎ᠠ ᠶᠢᠨ ᠬᠤᠭᠤᠴᠠᠭᠠᠨ ᠳᠤ᠂ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ 6 | ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠦᠨᠡᠯᠡᠨ ᠵᠢᠱᠢᠯᠲᠡ ᠬᠢᠪᠠ᠃ ᠨᠠᠮ ᠤᠨ | ᠪᠠᠶᠢᠭᠤᠯᠤᠯᠲᠠ ᠶᠢᠨ ᠠᠵᠢᠯ᠂ ᠳᠦᠷᠢᠮᠵᠢᠭᠦᠯᠦᠨ ᠴᠡᠴᠡᠷᠯᠢᠭ ᠡᠷᠬᠢᠯᠡᠬᠦ᠂ ᠡᠩᠨᠡᠭᠡᠨ ᠤ ᠪᠠᠶᠢᠭᠤᠯᠤᠯᠲᠠ᠂ ᠰᠢᠨᠵᠢᠯᠡᠬᠦ | ᠤᠬᠠᠭᠠᠨᠴᠢ ᠪᠠᠷ ᠠᠰᠠᠷᠠᠨ ᠬᠥᠮᠦᠵᠢᠭᠦᠯᠬᠦ᠂ ᠠᠮᠤᠷ ᠲᠦᠪᠰᠢᠨ ᠡᠷᠡᠭᠦᠯ ᠬᠠᠮᠠᠭᠠᠯᠠᠯ᠂ ᠭᠡᠷ ᠣᠷᠣᠨ ᠤ ᠬᠠᠮᠲᠤ ᠶᠢᠨ | ᠬᠥᠮᠦᠵᠢᠭᠦᠯᠦᠯ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠵᠡᠷᠭᠡ ᠳᠣᠯᠣᠭᠠᠨ ᠲᠠᠯ᠎ᠠ ᠪᠠᠷ ᠴᠡᠴᠡᠷᠯᠢᠭ ᠤᠨ ᠳᠠᠷᠤᠭ᠎ᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ | ᠪᠠᠭᠰᠢ ᠪᠠ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠬᠤᠷᠠᠯᠳᠤᠭᠤᠯᠬᠤ᠂ ᠬᠡᠦᠬᠡᠳ ᠤᠨ ᠴᠡᠴᠡᠷᠯᠢᠭ ᠤᠨ ᠵᠢᠭᠠᠨ | ᠰᠤᠷᠭᠠᠯᠲᠠ ᠶᠢᠨ ᠠᠵᠢᠯᠯᠠᠭ᠎ᠠ ᠶᠢ ᠲᠣᠭᠤᠷᠢᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ | ᠬᠠᠨᠤᠮᠵᠢ ᠶᠢᠨ ᠬᠡᠮᠵᠢᠶ᠎ᠡ ᠰᠦᠯᠵᠢᠶᠡᠨ ᠤ ᠠᠰᠠᠭᠤᠯᠲᠠ ᠶᠢᠨ ᠬᠠᠭᠤᠳᠠᠰᠤ ᠶᠢ ᠪᠠᠶᠢᠴᠠᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢᠨ ᠪᠠᠶᠢᠳᠠᠯ ᠵᠢᠴᠢ ᠴᠡᠴᠡᠷᠯᠢᠭ ᠤᠨ ᠳᠠᠷᠤᠭ᠎ᠠ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠤᠯᠠᠨ ᠬᠠᠷᠠᠭᠠᠰᠤ ᠠᠴᠠ ᠪᠦᠬᠦ ᠲᠠᠯ᠎ᠠ ᠪᠠᠷ | ᠤᠢᠢᠯᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠬᠠᠷᠢᠭᠤ ᠲᠤᠰᠬᠠᠪᠠ᠃ | ᠲᠤᠬᠠᠶ ᠶᠢᠨ ᠭᠠᠵᠠᠷ ᠲᠤᠨᠢ ᠦᠨᠡᠯᠡᠨ ᠵᠢᠱᠢᠭᠰᠡᠨ ᠤ ᠳᠠᠷᠠᠭ᠎ᠠ᠂ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ | ᠳᠤᠭᠤᠶᠢᠯᠠᠩ ᠬᠡᠤᠬᠡᠳ ᠤᠨ ᠴᠡᠴᠡᠷᠯᠢᠭ ᠨᠢᠭᠡᠪᠦᠷᠢ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠳ᠋ᠦᠩᠨᠡᠯᠲᠡ ᠶᠢ | ᠪᠡᠶᠡᠯᠡᠭᠦᠯᠵᠦ᠂ ᠬᠡᠤᠬᠡᠳ ᠤᠨ ᠴᠡᠴᠡᠷᠯᠢᠭ ᠲᠤ ᠪᠢᠴᠢᠭ ᠤᠨ ᠬᠡᠯᠪᠡᠷᠢ ᠪᠠᠷ ᠬᠠᠷᠢᠭᠤ ᠲᠤᠰᠬᠠᠵᠤ᠂ ᠠᠮᠵᠢᠯᠲᠠ ᠪᠠᠨ | ᠨᠤᠲᠠᠯᠠᠵᠤ᠂ ᠬᠢᠯᠠᠰ ᠴᠡᠭ ᠢᠶᠠᠨ ᠳ᠋ᠦᠩᠨᠡᠬᠦ ᠶᠢᠨ ᠬᠠᠮᠲᠤ᠂ ᠬᠡᠤᠬᠡᠳ ᠤᠨ ᠴᠡᠴᠡᠷᠯᠢᠭ ᠤᠨ ᠠᠯᠤᠰ ᠬᠡᠲᠦ ᠶᠢᠨ | ᠬᠥᠭᠵᠢᠯᠲᠡ ᠳᠤ ᠣᠨᠣᠪᠴᠢᠲᠠᠶ ᠰᠠᠨᠠᠯ ᠪᠠ ᠰᠠᠨᠠᠭᠤᠯᠭ᠎ᠠ ᠳᠤᠷᠠᠳᠴᠠᠢ᠃ | ᠲᠣᠰ ᠤᠳᠠᠭᠠᠨ ᠤ ᠦᠨᠡᠯᠡᠨ ᠵᠢᠱᠢᠬᠦ ᠠᠵᠢᠯ ᠨᠢ ︽ᠦᠨᠡᠨ ᠬᠦ ᠱᠠᠯᠠᠪᠳᠠᠭᠤᠯᠤᠨ ᠪᠣᠳᠠᠲᠠᠶ ᠵᠢᠯᠣᠭᠤᠳᠴᠤ᠂ | ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠦᠨᠡᠨ ᠬᠦ ᠠᠬᠢᠭᠤᠯᠬᠤ︾ ᠪᠠᠷ ᠤᠳᠤᠷᠢᠳᠤᠮᠵᠢ ᠪᠣᠯᠭᠠᠵᠤ᠂ | ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ | ᠴᠡᠴᠡᠷᠯᠢᠭ ᠤᠨ ᠳᠠᠷᠤᠭ᠎ᠠ ᠶᠢᠨ ᠲᠤᠰᠬᠠᠶᠢᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠲᠤ ᠨᠡᠶᠢᠳᠡᠮ ᠠᠰᠢᠭ ᠬᠦᠷᠲᠡᠭᠡᠬᠦ ᠠᠵᠢᠯ ᠢ | ᠪᠦᠲᠦᠮᠵᠢᠲᠡᠶ ᠠᠬᠢᠭᠤᠯᠤᠨ᠎ᠠ᠃ | | | |